ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠪᠥᠬᠦ ᠲᠣᠭᠤᠷᠢᠭ ᠤᠨ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠤᠯᠬᠤ ᠠᠷᠭ᠎ᠠ ᠵᠠᠮ ᠢ ᠤᠯᠠᠮ ᠨᠢᠭᠡ ᠠᠯᠬᠤᠮ | ᠥᠷᠭᠡᠳᠬᠡᠬᠦ ᠶᠢᠨ ᠲᠥᠯᠥᠭᠡ᠂ 4 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠲᠣᠭᠤᠷᠢᠭ ᠤᠨ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠬᠢᠭᠡᠳ ᠳ᠋ᠦᠩ ᠯᠠᠶ ᠱᠦᠨ | ᠮᠢᠬᠠᠨ ᠤ ᠵᠦᠢᠯ ᠢ ᠡᠳ᠋ᠰᠢᠭᠦᠯᠬᠦ ᠬᠢᠵᠠᠭᠠᠷᠲᠤ ᠺᠣᠮᠫᠠᠨᠢ ᠲᠠᠢ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ | ᠣᠯᠭᠤᠯᠲᠠ ᠶᠢ ᠠᠬᠢᠭᠤᠯᠬᠤ ᠵᠣᠯᠭᠠᠭᠤᠯᠬᠤ ᠵᠥᠪᠳᠡᠯᠴᠡᠬᠡᠷ ᠤᠨ ᠬᠤᠷᠠᠯ ᠬᠢᠪᠠ᠃ ᠬᠤᠷᠠᠯ ᠤᠨ ᠵᠣᠷᠢᠯᠭ᠎ᠠ ᠨᠢ ᠨᠢᠭᠡᠨ | ᠥᠨᠳᠥᠷ ᠪᠦᠲᠦᠮᠵᠢᠲᠡᠶ ᠪᠥᠭᠡᠳ ᠨᠠᠷᠢᠯᠢᠭ ᠣᠨᠣᠪᠴᠢᠲᠠᠢ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠢ | ᠪᠠᠶᠢᠭᠤᠯᠬᠤ ᠪᠠᠷ ᠳᠠᠮᠵᠢᠭᠤᠯᠤᠨ᠂ ᠴᠡᠷᠢᠭ ᠠᠴᠠ ᠬᠠᠯᠠᠭᠳᠠᠭᠰᠠᠳ ᠢ ᠬᠠᠪᠰᠤᠷᠤᠨ ᠨᠡᠶᠢᠭᠡᠮ ᠳᠤ ᠤᠷᠤᠭᠰᠢᠲᠠᠶ | ᠠᠭᠤᠰᠤᠯᠴᠠᠭᠤᠯᠵᠤ᠂ ᠴᠢᠨᠠᠷ ᠰᠠᠶᠢᠲᠠᠶ ᠠᠵᠢᠯ ᠣᠯᠭᠤᠯᠲᠠ ᠶᠢ ᠪᠡᠶᠡᠯᠡᠭᠦᠯᠬᠦ ᠶᠢᠨ ᠲᠥᠯᠥᠭᠡ ᠶᠤᠮ᠃ | ᠵᠥᠪᠳᠡᠯᠴᠡᠬᠡᠷ ᠤᠨ ᠬᠤᠷᠠᠯ ᠳᠡᠭᠡᠷ᠎ᠡ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠵᠤ ᠠᠵᠢᠯ ᠣᠯᠤᠭᠰᠠᠨ ᠴᠡᠷᠢᠭ ᠠᠴᠠ ᠬᠠᠯᠠᠭᠳᠠᠭᠰᠠᠳ ᠤᠨ | ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠭᠥᠷᠳᠡᠪᠡ᠃ | ᠡᠭᠦᠨ ᠤ ᠬᠠᠮᠲᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠵᠤ ᠠᠬᠤᠶᠢᠯᠠᠯ ᠤᠨ ᠦᠨᠳᠦᠰᠦᠨ ᠪᠠᠶᠢᠳᠠᠯ᠂ | ᠠᠵᠢᠯ ᠤᠨ ᠪᠠᠶᠢᠷᠢ ᠶᠢᠨ ᠪᠠᠶᠢᠷᠢᠯᠠᠭᠤᠯᠤᠯᠲᠠ ᠵᠢᠴᠢ ᠠᠰᠠᠷᠠᠮᠵᠢ ᠶᠢᠨ ᠬᠠᠷᠠᠭᠠᠯᠵᠠᠯ ᠵᠡᠷᠭᠡ ᠠᠭᠤᠯᠭ᠎ᠠ ᠶᠢ | ᠲᠠᠨᠢᠯᠴᠠᠭᠤᠯᠵᠤ᠂ ᠦᠷᠭᠦᠯᠵᠢᠯᠡᠨ ᠭᠦᠨᠵᠡᠭᠡᠶ ᠬᠠᠮᠲᠤᠷᠠᠯᠴᠠᠭ᠎ᠠ ᠥᠷᠨᠢᠭᠦᠯᠬᠦ᠂ ᠴᠡᠷᠢᠭ ᠠᠴᠠ ᠬᠠᠯᠠᠭᠳᠠᠭᠰᠠᠳ ᠤᠨ | ᠠᠵᠢᠯ ᠤᠯᠬᠤ ᠠᠷᠭ᠎ᠠ ᠵᠠᠮ ᠢ ᠦᠨᠡᠨ ᠬᠦ ᠥᠷᠭᠡᠳᠬᠡᠬᠦ ᠳᠤ ᠰᠠᠭᠤᠷᠢ ᠲᠠᠯᠪᠢᠵᠤ ᠥᠭᠴᠡᠶ᠃ | ᠲᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ | ᠲᠣᠪᠴᠢᠶ᠎ᠠ ᠦᠷᠭᠦᠯᠵᠢᠯᠡᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠰᠤᠷᠤᠯᠭ᠎ᠠ ᠶᠢᠨ ᠨᠠᠮᠲᠠᠷ ᠢ | ᠳᠡᠭᠡᠭᠰᠢᠯᠡᠭᠦᠯᠬᠦ᠂ ᠪᠣᠯᠪᠠᠰᠤᠷᠠᠭᠤᠯᠵᠤ ᠴᠢᠳᠠᠪᠤᠷᠢ ᠣᠯᠭᠤᠬᠤ᠂ ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ | ᠪᠠᠶᠢᠷᠢ ᠶᠢ ᠥᠷᠭᠡᠳᠬᠡᠬᠦ ᠵᠡᠷᠭᠡ ᠬᠡᠳᠦᠨ ᠲᠠᠯ᠎ᠠ ᠶᠢᠨ ᠠᠵᠢᠯ ᠤᠨ ᠲᠣᠭᠤᠷᠢᠨ ᠳᠤ᠂ ᠴᠡᠷᠢᠭ ᠠᠴᠠ ᠬᠠᠯᠠᠭᠳᠠᠭᠰᠠᠳ ᠤᠨ | ᠴᠢᠨᠠᠷ ᠰᠠᠶᠢᠲᠠᠶ ᠭᠦᠶᠴᠡᠳ ᠠᠵᠢᠯ ᠣᠯᠭᠤᠯᠲᠠ ᠶᠢ ᠠᠬᠢᠭᠤᠯᠵᠤ᠂ ᠬᠥᠭᠦᠷᠭᠡ ᠬᠤᠯᠪᠣᠭᠠᠰᠤ ᠶᠢᠨ ᠦᠶᠯᠡᠳᠦᠯ ᠢᠶᠠᠨ | ᠪᠠᠳᠠᠷᠠᠭᠤᠯᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠦᠷᠭᠦᠯᠵᠢᠯᠡᠨ ᠥᠷᠭᠡᠳᠬᠡᠵᠦ᠂ ᠡᠯ᠎ᠡ ᠲᠠᠯ᠎ᠠ ᠶᠢᠨ ᠳᠠᠪᠠᠭᠤᠯᠢᠭ | ᠡᠬᠢ ᠪᠠᠶᠠᠯᠢᠭ ᠢ ᠨᠡᠶᠢᠳᠬᠡᠵᠦ᠂ ᠪᠥᠬᠦ ᠲᠤᠭᠤᠷᠢᠭ ᠤᠨ ᠴᠡᠷᠢᠭ ᠠᠴᠠ ᠬᠠᠯᠠᠭᠳᠠᠭᠰᠠᠳ ᠲᠤ ᠴᠢᠨᠠᠷ ᠰᠠᠶᠢᠲᠠᠶ ᠠᠵᠢᠯ | ᠣᠯᠭᠤᠬᠤ ᠲᠠᠪᠴᠠᠩ ᠢ ᠪᠥᠬᠦ ᠬᠦᠴᠦᠨ ᠢᠶᠠᠷ ᠢᠶᠠᠨ ᠪᠠᠶᠢᠭᠤᠯᠵᠤ ᠥᠭᠭᠦᠨ᠎ᠡ᠃ | | ᠣᠷᠴᠢᠭᠤᠯᠤᠭᠴᠢ᠄ ᠳ᠋ᠥᠩ ᠾᠦᠢ | |