ᠵᠢᠨᠢᠩ ᠲᠣᠭᠤᠷᠢᠭ ᠬᠥᠮᠦᠨ ᠣᠯᠠᠨ ᠴᠤᠭᠯᠠᠷᠠᠬᠤ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/12
      5 ᠰᠠᠷ᠎ᠠ ᠶᠢᠨ 6 ᠤ ᠡᠳᠦᠷ᠂ ᠵᠢᠨᠢᠩ ᠲᠣᠭᠤᠷᠢᠭ ᠬᠥᠮᠦᠨ ᠬᠠᠷ᠎ᠠ ᠬᠤᠷᠠᠨ ᠴᠤᠭᠯᠠᠷᠠᠳᠠᠭ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠬᠤᠷᠠᠯ ᠠᠴᠠ ᠲᠤᠭᠤᠷᠢᠭ ᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠤᠲᠠ ᠶᠢᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠶᠢᠨ ᠮᠠᠨ ᠤ ᠲᠤᠭᠤᠷᠢᠭ ᠤᠨ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠪᠠᠶᠢᠳᠠᠯ ᠪᠠ ︽ᠶᠢᠰᠦᠨ ᠪᠠᠭ᠎ᠠ ᠲᠠᠯᠠᠪᠤᠷ︾ ᠤᠨ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢ ᠰᠣᠨᠣᠰᠴᠤ᠂ ᠮᠠᠨ ᠤ ᠲᠤᠭᠤᠷᠢᠭ ᠤᠨ ︽ᠶᠢᠰᠦᠨ ᠪᠠᠭ᠎ᠠ ᠲᠠᠯᠠᠪᠤᠷ︾ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠨᠢᠭᠡᠴᠡ ᠨᠦᠭᠦᠳ ᠣᠳᠣᠬᠠᠨ ᠤ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠬᠦᠨᠳᠦ ᠨᠣᠴᠢᠲᠠᠶ ᠴᠢᠨᠠᠷ ᠪᠣᠯᠤᠨ ᠪᠤᠳᠤᠯᠢᠶᠠᠨᠲᠤ ᠴᠢᠨᠠᠷ ᠢ ᠭᠦᠢᠴᠡᠳ ᠲᠠᠨᠢᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠲᠠᠨᠢᠯᠲᠠ ᠪᠠᠨ ᠳᠡᠭᠡᠭᠰᠢᠯᠡᠭᠦᠯᠵᠦ᠂ ᠡᠭᠦᠷᠭᠡ ᠪᠠᠨ ᠲᠣᠳᠣᠷᠬᠠᠶᠢᠯᠠᠨ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠲᠠᠯᠠᠪᠤᠷ᠂ ᠭᠤᠣᠯᠳᠠᠯᠭ᠎ᠠ ᠲᠠᠢ ᠣᠷᠣᠨ ᠪᠠᠶᠢᠷᠢ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠣᠣᠷ ᠲᠠᠲᠠᠬᠤ ᠬᠡᠯᠪᠡᠷᠢ︾᠂ ︽ᠬᠡᠪᠢᠰ ᠮᠠᠶ᠋ᠢᠭ︾ ᠤᠨ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠥᠨᠴᠥᠭ ᠪᠤᠯᠤᠩ ᠦᠯᠡᠳᠡᠭᠡᠬᠦ ᠦᠭᠡᠢ᠂ ᠰᠣᠬᠤᠷ ᠪᠠᠯᠠᠢ ᠭᠠᠵᠠᠷ ᠦᠯᠡᠳᠡᠭᠡᠬᠦ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠳᠠᠯᠳᠠ ᠬᠡᠮ ᠢ ᠵᠢᠭᠰᠠᠭᠠᠨ ᠪᠠᠶᠢᠴᠠᠭᠠᠬᠤ ᠡᠬᠡ ᠲᠠᠩᠰᠠ ᠪᠠᠶᠢᠭᠤᠯᠵᠤ᠂ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠶᠢ ᠬᠡᠷᠡᠭᠵᠢᠭᠦᠯᠦᠨ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠪᠠ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ ᠳᠡᠶᠢᠯᠬᠦ ᠶᠢ ᠨᠢ ᠳᠠᠷᠦ᠋ᠢᠬᠠᠨ ᠴᠡᠭᠴᠡᠯᠡᠨ ᠰᠠᠶᠢᠵᠢᠷᠠᠭᠤᠯᠵᠤ᠂ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠶᠢᠨ ᠠᠷᠭ᠎ᠠ ᠥᠬᠡᠶ ᠶᠢ ᠨᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠥᠬᠡᠶ ᠪᠤᠶᠤ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ   ᠶᠢ ᠪᠠᠲᠤᠯᠠᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠣᠯᠠᠨ ᠵᠠᠭᠤᠴᠢᠯᠠᠭᠤᠷ ᠤᠨ ᠲᠠᠪᠴᠠᠩ ᠢ ᠭᠦᠢᠴᠡᠳ ᠠᠰᠢᠭᠯᠠᠨ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ ᠤᠨ ᠠᠵᠢᠯᠯᠠᠵᠤ ᠪᠠᠶᠢᠭ᠎ᠠ ᠬᠥᠮᠦᠰ ᠪᠠ ᠣᠯᠠᠨ ᠨᠡᠶᠢᠲᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ᠂ ᠥᠪᠡᠷ ᠢ ᠪᠠᠨ ᠰᠡᠷᠭᠡᠶᠢᠯᠡᠵᠦ ᠥᠪᠡᠷ ᠢ ᠪᠠᠨ ᠠᠪᠤᠷᠠᠬᠤ ᠴᠢᠳᠠᠪᠤᠷᠢ ᠵᠢᠴᠢ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠮᠠᠨ ᠤ ᠲᠤᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠬᠢᠵᠢᠭᠦᠯᠬᠦ ᠬᠡᠷᠡᠭᠲᠡᠢ᠃     ᠨᠠᠶᠢᠷᠠᠭᠤᠯᠤᠭᠴᠢ᠄ ᠸᠠᠩ ᠵᠢᠩ ᠵᠢᠩ᠂ ᠴᠢᠶᠣᠣ ᠮᠢᠨ ᠮᠢᠨ     ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠣᠷᠢᠭ ᠤᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2