ᠵᠠᠩ ᠶᠦᠩ ᠸᠧᠨ ᠮᠠᠨ ᠤ ᠲᠤᠭᠤᠷᠢᠭ ᠤᠨ ᠭᠠᠯ ᠰᠡᠷᠭᠡᠶᠢᠯᠡᠵᠦ ᠤᠨᠲᠠᠷᠠᠭᠠᠬᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/5/12
      5 ᠰᠠᠷ᠎ᠠ ᠶᠢᠨ 8 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃ ᠵᠠᠩ ᠶᠦᠩ ᠸᠧᠨ ᠤᠷᠢᠳ ᠬᠤᠵᠢᠳ ᠵᠢᠨᠢᠩ ᠲᠣᠭᠤᠷᠢᠭ ᠤᠨ ᠨᠢᠭᠡᠳᠦᠭᠡᠷ ᠬᠡᠦᠬᠡᠳ ᠤᠨ ᠴᠡᠴᠡᠷᠯᠢᠭ ᠪᠣᠯᠤᠨ ᠰᠢᠤᠸᠠᠢ ᠹᠦ᠋ ᠶᠠᠪᠠᠭᠠᠨ ᠵᠡᠭᠡᠯᠢ ᠶᠢᠨ ᠰᠦᠯᠵᠢᠶᠡᠨ ᠤ ᠪᠠᠭᠠᠷ᠂ ᠵᠣᠴᠢᠳ ᠤᠨ ᠪᠠᠭᠤᠳᠠᠯ ᠵᠢᠴᠢ ᠲᠢᠶᠠᠨ ᠾᠧᠩ ᠠᠭᠤᠳᠠᠮ ᠲᠠᠯᠠᠪᠠᠢ ᠶᠢᠨ ᠰᠢᠷᠠᠮᠠᠯ ᠢᠳᠡᠭᠡᠨ ᠤ ᠭᠠᠵᠠᠷ ᠵᠡᠷᠭᠡ ︽ᠶᠢᠰᠦᠨ ᠪᠠᠭ᠎ᠠ ᠲᠠᠯᠠᠪᠤᠷ︾ ᠲᠤ ᠬᠦᠷᠴᠦ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠪᠣᠯᠤᠨ ᠭᠠᠯ ᠤᠨᠲᠠᠷᠠᠭᠠᠬᠤ ᠲᠠᠷᠬᠠᠬᠤ ᠵᠠᠮ᠂ ᠭᠠᠯ ᠤᠨᠲᠠᠷᠠᠭᠠᠬᠤ ᠪᠠᠭᠠᠵᠢ ᠬᠡᠷᠡᠭᠰᠡᠯ᠂ ᠠᠵᠢᠯᠯᠠᠵᠤ ᠪᠠᠶᠢᠭ᠎ᠠ ᠬᠥᠮᠦᠰ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠷ᠎ᠠ ᠴᠢᠳᠠᠪᠤᠷᠢ ᠵᠡᠷᠭᠡ ᠶᠢ ᠲᠤᠬᠠᠶ ᠶᠢᠨ ᠭᠠᠵᠠᠷ ᠲᠤᠨᠢ ᠪᠠᠶᠢᠴᠠᠭᠠᠬᠤ ᠶᠢᠨ ᠬᠠᠮᠲᠤ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠠᠮᠤᠷ ᠲᠦᠪᠰᠢᠨ ᠤ ᠳᠠᠯᠳᠠ ᠭᠡᠮ ᠤᠨ ᠠᠰᠠᠭᠤᠳᠠᠯ ᠢ ᠲᠤᠬᠠᠶ ᠶᠢᠨ ᠭᠠᠵᠠᠷ ᠲᠤᠨᠢ ᠲᠤᠰᠢᠶᠠᠨ ᠰᠢᠶᠳᠪᠦᠷᠢᠯᠡᠭᠦᠯᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠱᠠᠭᠠᠷᠳᠠᠨ ᠡᠯ᠎ᠡ ᠬᠠᠷᠢᠭᠤᠴᠠᠯᠭ᠎ᠠ ᠶᠢᠨ ᠭᠤᠤᠯ ᠴᠣᠭᠴᠠ ᠶᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠶᠢᠨ ᠬᠠᠮᠲᠤ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠡᠳᠦᠷ ᠲᠤᠲᠤᠮ ᠤᠨ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠶ ᠭᠡᠵᠦ ᠱᠠᠭᠠᠷᠳᠠᠪᠠ᠃     ᠵᠠᠩ ᠶᠦᠩ ᠸᠧᠨ᠂ ᠭᠠᠯ ᠤᠨᠳᠠᠷᠠᠭᠠᠬᠤ ᠠᠮᠦᠷ ᠲᠦᠪᠰᠢᠨ ᠤ ᠠᠵᠢᠯ ᠨᠢ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠦᠷ ᠲᠦᠪᠰᠢᠨ ᠲᠠᠢ ᠬᠤᠯᠪᠤᠭᠳᠠᠵᠦ᠂ ᠠᠵᠦ ᠠᠬᠤᠢ ᠨᠡᠶᠢᠭᠡᠮ ᠤᠨ ᠬᠦᠭᠵᠢᠯᠳᠡ ᠲᠤᠭᠳᠠᠭᠤᠨ ᠤ ᠶᠡᠭᠡ ᠲᠡᠯ᠎ᠡ ᠳᠤ ᠬᠤᠯᠪᠤᠭᠳᠠᠵᠦ᠂ ᠡᠷᠬᠡᠪᠰᠢ ᠦᠴᠦᠭᠡᠨ ᠴᠦ ᠰᠤᠯᠠᠷᠠᠭᠤᠯᠤᠯ ᠦᠭᠡᠢ ᠪᠠᠶᠢᠩᠭᠤ ᠠᠳᠬᠤᠬᠤ ᠬᠡᠷᠡᠭᠳᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠡᠭᠦᠷᠭᠡᠯᠡᠬᠦ︾ ᠪᠠ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠷᠢᠨ ᠨᠢᠮᠪᠠᠶ ᠨᠠᠶᠢᠳᠠᠪᠤᠷᠢᠵᠢᠭᠤᠯᠤᠨ᠂ ᠤᠷᠢᠳᠴᠢᠯᠠᠨ ᠰᠡᠷᠭᠡᠶᠢᠯᠡᠬᠦ ᠬᠡᠷᠡᠭᠲᠡᠶ᠃ ᠤᠯᠠᠨ ᠡᠵᠡᠩᠨᠡᠯᠲᠡ ᠶᠢᠨ ᠬᠡᠯᠪᠡᠷᠢ ᠶᠢᠨ ᠬᠤᠯᠢᠮᠠᠭ ᠡᠵᠡᠩᠨᠡᠯᠲᠡ ᠶᠢᠨ ᠲᠠᠯᠠᠪᠤᠷ ᠪᠣᠯᠤᠨ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠵᠡᠷᠭᠡ ᠣᠷᠣᠨ ᠪᠦᠰᠡ ᠶᠢ ᠴᠢᠩᠭ᠎ᠠ ᠠᠩᠬᠠᠷᠴᠤ᠂ ᠭᠠᠯ ᠤᠨᠲᠠᠷᠠᠭᠠᠬᠤ ᠲᠥᠬᠦᠭᠡᠷᠦᠮᠵᠢ ᠪᠣᠯᠤᠨ ᠪᠠᠭᠠᠵᠢ ᠬᠡᠷᠡᠭᠰᠡᠯ ᠢ ︽ᠪᠠᠶᠢᠬᠤ ᠡᠰᠡᠬᠦ︾᠂ ︽ᠬᠡᠷᠡᠭᠯᠡᠵᠦ ᠳᠡᠶᠢᠯᠬᠦ ᠡᠰᠡᠬᠦ︾᠂ ︽ᠬᠡᠷᠡᠭᠯᠡᠵᠦ ᠴᠢᠳᠠᠬᠤ ᠡᠰᠡᠬᠦ︾᠂ ︽ᠬᠡᠷᠡᠭᠯᠡᠵᠦ ᠴᠢᠳᠠᠬᠤ ᠡᠰᠡᠬᠦ︾ ᠶᠢ ᠭᠤᠣᠯᠳᠠᠯᠭ᠎ᠠ ᠲᠠᠢ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ ᠡᠬᠢ ᠡᠭᠦᠰᠦᠯ ᠠᠴᠠ ᠨᠢ ᠴᠡᠭᠴᠡᠯᠡᠨ ᠰᠠᠶᠢᠵᠢᠷᠠᠭᠤᠯᠵᠤ᠂ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠦᠯ ᠢ ᠲᠡᠭᠦᠯᠳᠡᠷᠵᠢᠭᠦᠯᠵᠦ᠂ ᠭᠠᠯ ᠤᠨᠲᠠᠷᠠᠭᠠᠬᠤ ᠡᠩᠨᠡᠭᠡᠨ ᠤ ᠪᠣᠯᠪᠠᠰᠤᠷᠠᠯ ᠪᠠ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠠᠶᠤᠯ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠴᠤᠬᠤᠶᠢᠵᠤ ᠪᠠᠶᠢᠭ᠎ᠠ ᠪᠠᠶᠢᠳᠠᠯ ᠳᠤᠨᠢ ᠠᠷᠢᠯᠭᠠᠬᠤ ᠬᠡᠷᠡᠭᠲᠡᠢ᠃       ᠯᠢ ᠵᠢᠩ᠂ ᠵᠠᠩ ᡁᠢ ᠷᠦᠩ ᠣᠷᠣᠯᠴᠠᠵᠠᠢ᠃      ᠨᠠᠶᠢᠷᠠᠭᠤᠯᠤᠭᠴᠢ᠄ ᠸᠠᠩ ᠵᠢᠩ ᠵᠢᠩ᠂ ᠴᠢᠶᠣᠣ ᠮᠢᠨ ᠮᠢᠨ      ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠣᠷᠢᠭ ᠤᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2