ᠺᠠᠩ ᠬᠠᠶ ᠷᠦᠢ ᠮᠠᠨ ᠤ ᠲᠤᠭᠤᠷᠢᠭ ᠤᠨ ᠵᠢᠭᠤᠯᠴᠢᠯᠠᠯ ᠤᠨ ᠣᠷᠴᠢᠨ ᠲᠣᠭᠤᠷᠢᠨ ᠢ ᠳᠡᠭᠡᠭᠰᠢᠯᠡᠭᠦᠯᠬᠦ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2025/5/14
      5 ᠰᠠᠷ᠎ᠠ ᠶᠢᠨ 12 ᠤᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠶ ᠷᠦᠢ ᠪᠠ ᠸᠠᠩ ᠾᠧ ᠪᠠᠶᠠᠰᠬᠤᠯᠠᠩᠲᠤ ᠶᠢᠷᠲᠢᠨᠴᠦ᠂ ᠶᠢᠨ ᠳ᠋ᠢᠶᠣᠣ ᠠᠭᠤᠳᠠᠮ ᠲᠠᠯᠠᠪᠠᠶ ᠵᠡᠷᠭᠡ ᠭᠠᠵᠠᠷ ᠲᠤ ᠬᠦᠷᠴᠦ᠂ ᠦᠵᠡᠮᠵᠢ ᠶᠢᠨ ᠴᠢᠭ ᠢ ᠳᠡᠭᠡᠭᠰᠢᠯᠡᠭᠦᠯᠦᠨ ᠥᠭᠡᠷᠡᠴᠢᠯᠡᠬᠦ᠂ ᠠᠮᠤᠷ ᠲᠦᠪᠰᠢᠨ ᠤ ᠲᠥᠬᠦᠭᠡᠷᠦᠮᠵᠢ ᠶᠢᠨ ᠠᠵᠢᠯᠯᠠᠭᠠᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠵᠡᠷᠭᠡ ᠠᠵᠢᠯ ᠤᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃      ᠺᠠᠩ ᠬᠠᠶ ᠷᠦᠢ ᠴᠢᠬᠤᠯᠠᠴᠢᠯᠠᠬᠤ ᠳᠠᠭᠠᠨ᠂ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠨᠢᠭᠡᠴᠢ ᠨᠦᠭᠦᠳ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠡᠯ᠎ᠡ ᠦᠵᠡᠮᠵᠢ ᠶᠢᠨ ᠭᠠᠵᠠᠷ ᠲᠤ ᠣᠷᠣᠰᠢᠵᠤ ᠪᠠᠶᠢᠭ᠎ᠠ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠵᠤ᠂ ᠵᠤᠭ᠎ᠠ ᠴᠡᠩᠭᠡᠯ ᠤᠨ ᠲᠥᠬᠦᠭᠡᠷᠦᠮᠵᠢ᠂ ᠭᠠᠯ ᠤᠨᠲᠠᠷᠠᠭᠠᠬᠤ ᠲᠥᠬᠦᠭᠡᠷᠦᠮᠵᠢ᠂ ᠢᠳᠡᠭᠡᠨ ᠤ ᠠᠮᠤᠷ ᠲᠦᠪᠰᠢᠨ ᠵᠡᠷᠭᠡ ᠭᠤᠤᠯᠳᠠᠯᠭ᠎ᠠ ᠲᠠᠢ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠵᠤᠭᠠᠴᠠᠭᠰᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠣᠳᠠᠲᠠᠢ ᠠᠳᠬᠤᠵᠤ᠂ ᠦᠵᠡᠮᠵᠢ ᠶᠢᠨ ᠴᠢᠭ ᠵᠢᠴᠢ ᠡᠷᠬᠢᠨ ᠲᠣᠭᠤᠷᠢᠨ  ᠤ ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠮ ᠢ ᠰᠡᠯᠪᠢᠨ ᠵᠠᠰᠠᠬᠤ᠂ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠨᠡᠭᠦᠳᠡᠯ ᠳᠡᠯᠭᠡᠭᠦᠷᠴᠢᠨ ᠤ ᠬᠠᠮᠢᠶᠠᠷᠤᠯᠲᠠ ᠶᠢ ᠴᠢᠩᠭᠠᠳᠬᠠᠵᠤ᠂ ᠴᠡᠪᠡᠷ ᠴᠡᠮᠴᠡᠭᠡᠷ᠂ ᠪᠣᠯᠪᠠᠰᠤᠨ ᠡᠮᠬᠢ ᠳᠢᠭᠯᠢᠮ ᠲᠠᠢ ᠵᠢᠭᠤᠯᠴᠢᠯᠠᠯ ᠤᠨ ᠣᠷᠴᠢᠨ ᠲᠣᠭᠤᠷᠢᠨ ᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ᠃ ᠡᠯ᠎ᠡ ᠦᠵᠡᠮᠵᠢ ᠶᠢᠨ ᠣᠷᠣᠨ ᠤ ᠬᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠢᠯᠯᠠᠭ᠎ᠠ ᠶᠢᠨ ᠠᠭᠤᠯᠭ᠎ᠠ ᠪᠠᠨ ᠪᠠᠶᠠᠯᠢᠭᠵᠢᠭᠤᠯᠵᠤ᠂ ᠤᠨᠴᠠᠯᠢᠬᠳᠤ ᠰᠣᠶᠣᠯ ᠵᠢᠭᠤᠯᠴᠢᠯᠠᠯ ᠤᠨ ᠪᠦᠲᠦᠭᠡᠭᠳᠡᠬᠦᠨ ᠢ ᠡᠭᠦᠳᠴᠦ᠂ ᠰᠣᠶᠣᠯ ᠵᠢᠭᠤᠯᠴᠢᠯᠠᠯ ᠤᠨ ᠦᠢᠯᠡᠴᠢᠯᠡᠭᠡᠨ ᠤ ᠶᠠᠰᠤ ᠴᠢᠨᠠᠷ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠵᠤᠭᠠᠴᠠᠭᠰᠠᠳ ᠤᠨ ᠤᠯᠠᠨ ᠶᠠᠩᠵᠤ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ ᠭᠡᠪᠡ᠃      ᠯᠢ ᠺᠦᠨ᠂ ᠭᠦᠸᠧ ᠾᠦᠢ ᠤᠷᠤᠯᠴᠠᠪᠠ᠃     ᠨᠠᠶᠢᠷᠠᠭᠤᠯᠤᠭᠴᠢ᠄ ᠸᠠᠩ ᠵᠢᠩ ᠵᠢᠩ᠂ ᠴᠢᠶᠣᠣ ᠮᠢᠨ ᠮᠢᠨ     ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠣᠷᠢᠭ ᠤᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2