ᠵᠠᠩ ᠶᠦᠩ ᠸᠧᠨ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/14
      5 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠪᠠ᠃    ᠵᠠᠩ ᠶᠦᠩ ᠸᠧᠨ ᠤᠷᠢᠳ ᠬᠤᠵᠢᠳ ᠴᠠᠭᠠᠷᠢᠭ ᠬᠤᠭ ᠨᠣᠪᠰᠢ ᠪᠤᠯᠠᠬᠤ ᠲᠠᠯᠠᠪᠠᠢ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠲᠥᠪᠯᠡᠷᠡᠭᠦᠯᠦᠨ ᠰᠢᠢᠳᠪᠦᠷᠢᠯᠡᠬᠦ ᠲᠥᠪ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠵᠡᠷᠭᠡ ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠲᠥᠷᠥᠯ ᠵᠦᠢᠯ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ᠂ ᠬᠤᠭ ᠨᠣᠪᠰᠢ ᠪᠤᠯᠠᠬᠤ ᠲᠠᠯᠠᠪᠠᠢ ᠶᠢᠨ ᠠᠵᠢᠯᠯᠠᠭᠠᠨ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠰᠢᠢᠳᠪᠦᠷᠢᠯᠡᠬᠦ ᠤᠷ᠎ᠠ ᠮᠡᠷᠭᠡᠵᠢᠯ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠬᠦ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠵᠡᠷᠭᠡ ᠠᠵᠢᠯ ᠳᠤ ᠱᠠᠭᠠᠷᠳᠠᠯᠭ᠎ᠠ ᠳᠤᠷᠠᠳᠪᠠ᠃     ᠵᠠᠩ ᠶᠦᠩ ᠸᠧᠨ ᠬᠡᠯᠡᠭᠰᠡᠨ ᠨᠢ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠨᠢ ᠠᠷᠠᠳ ᠤᠨ ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠨ᠎ᠠ᠂ ᠪᠥᠬᠦ ᠲᠣᠭᠤᠷᠢᠭ ᠢᠶᠠᠷ ᠢᠶᠠᠨ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠣᠷᠳᠣ ᠬᠤᠭᠤᠴᠠᠭ᠎ᠠ ᠪᠠᠷ ᠴᠢᠷᠮᠠᠶᠢᠨ ᠠᠵᠢᠯᠯᠠᠵᠤ᠂ ᠨᠠᠷᠢᠯᠢᠭ ᠣᠨᠣᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠮᠠᠨ ᠤ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠪᠠᠷᠢᠯᠭ᠎ᠠ ᠶᠢᠨ ᠬᠤᠭ ᠨᠣᠪᠰᠢ ᠶᠢ ᠰᠢᠢᠳᠪᠦᠷᠢᠯᠡᠬᠦ᠂ ᠬᠤᠭ ᠨᠣᠪᠰᠢ ᠶᠢ ᠰᠢᠯᠵᠢᠭᠦᠯᠦᠨ ᠵᠥᠭᠡᠭᠡᠪᠦᠷᠢᠯᠡᠬᠦ᠂ ᠰᠦᠯᠢᠶᠣᠣ ᠪᠦᠷᠬᠦᠪᠴᠢ ᠶᠢ ᠬᠤᠷᠢᠶᠠᠨ ᠠᠪᠬᠤ ᠵᠡᠷᠭᠡ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠦᠨᠡᠨᠬᠦ ᠰᠡᠷᠭᠡᠶᠢᠯᠡᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠪᠠᠷᠢᠯᠭ᠎ᠠ ᠶᠢᠨ ᠲᠤᠬᠠᠢ ᠶᠢᠨ ᠲᠠᠯᠠᠪᠠᠢ ᠶᠢᠨ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠤᠷᠳᠤ ᠬᠤᠭᠤᠴᠠᠭᠠᠨ ᠤ ᠪᠦᠲᠦᠮᠵᠢᠲᠡᠢ ᠲᠦᠷᠢᠮ ᠲᠣᠭᠲᠠᠴᠠ ᠶᠢ ᠪᠦᠷᠢᠨᠰᠢᠬᠦᠯᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠪᠣᠯᠤᠨ ᠡᠳᠦᠷ ᠲᠤᠳᠤᠮ ᠤᠨ ᠲᠣᠭᠤᠷᠢᠨ ᠪᠠᠶᠢᠴᠠᠭᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠲᠦᠷᠦᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠵᠦ᠂ ᠡᠷᠲᠡ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃      ᠭᠦᠸᠧ ᠾᠦᠢ ᠤᠷᠤᠯᠴᠠᠪᠠ᠃     ᠨᠠᠶᠢᠷᠠᠭᠤᠯᠤᠭᠴᠢ᠄ ᠸᠠᠩ ᠵᠢᠩ ᠵᠢᠩ᠂ ᠴᠢᠶᠣᠣ ᠮᠢᠨ ᠮᠢᠨ     ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠣᠷᠢᠭ ᠤᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2