5 ᠰᠠᠷ᠎ᠠ ᠶᠢᠨ 13 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ | ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢᠬᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠭᠰᠠᠨ ᠦᠷ᠎ᠡ | ᠪᠦᠲᠦᠮᠵᠢ ᠪᠣᠯᠤᠨ ᠲᠤᠷᠰᠢᠯᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ | ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠲᠦᠷᠢᠮ ᠲᠣᠭᠲᠠᠭᠠᠯ ᠢ ᠵᠢᠷᠤᠮᠯᠠᠨ | ᠰᠠᠬᠢᠯᠭ᠎ᠠ ᠪᠠᠲᠤ ᠶᠢ ᠰᠠᠬᠢᠬᠤ᠂ ᠰᠤᠷᠲᠠᠯ ᠢᠶᠠᠨ ᠰᠠᠶᠢᠵᠢᠷᠠᠭᠤᠯᠬᠤ ᠤᠬᠠᠮᠰᠠᠷᠲᠤ ᠴᠢᠨᠠᠷ ᠢᠶᠠᠨ ᠴᠢᠨᠠᠭᠰᠢᠳᠠ | ᠴᠢᠩᠭᠠᠳᠬᠠᠵᠤ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠠᠨ ᠲᠠᠰᠤᠷᠠᠯᠳᠠ ᠦᠭᠡᠢ ᠬᠥᠭᠵᠢᠭᠡᠪᠡ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ | ᠬᠤᠷᠢᠶᠠᠨ ᠤ ᠱᠦᠵᠢ ᠵᠠᠩ ᠶᠦᠩ ᠸᠧᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠬᠤᠷᠠᠯ ᠠᠴᠠ ︽ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠭᠰᠠᠨ ᠦᠷ᠎ᠡ ᠪᠦᠲᠦᠮᠵᠢ ᠪᠣᠯᠤᠨ ᠲᠤᠷᠰᠢᠯᠭ᠎ᠠ︾ | ᠪᠣᠯᠤᠨ ︽ᠨᠠᠢᠮᠠᠨ ᠲᠣᠭᠲᠠᠭᠠᠯ ᠤᠨ ᠳᠤᠮᠳᠠᠳᠤ ᠤᠯᠤᠰ ᠢ ᠬᠤᠪᠢᠷᠠᠭᠤᠯᠬᠤ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ | ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠤᠤᠯ ᠰᠡᠳᠦᠪ ᠤᠨ ᠲᠣᠭᠤᠷᠢᠨ ᠳᠤ ᠰᠤᠳᠤᠯᠤᠨ | ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠵᠠᠩ ᠶᠦᠩ ᠸᠧᠨ᠂ ᠨᠠᠮ ᠤᠨ ᠲᠥᠪ ᠬᠤᠷᠢᠶᠠᠨ ᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠤᠯᠤᠰ ᠲᠦᠷᠦ ᠶᠢᠨ ᠰᠠᠨᠠᠭ᠎ᠠ ᠪᠣᠯᠤᠨ ᠠᠯᠤᠰ | ᠬᠡᠳᠤ ᠶᠢᠨ ᠪᠣᠳᠣᠯᠬᠢᠯᠠᠯ ᠢ ᠭᠦᠨᠵᠡᠭᠡᠢ ᠣᠶᠢᠯᠠᠭᠠᠵᠤ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠲᠤᠭᠤᠰᠢᠯᠠᠭᠤᠯᠬᠤ ᠳᠤ ᠣᠯᠤᠭᠰᠠᠨ ᠢᠯᠡᠳᠲᠡ ᠦᠷ᠎ᠡ ᠪᠦᠲᠦᠮᠵᠢ ᠶᠢ ᠪᠦᠬᠦ ᠲᠠᠯ᠎ᠠ ᠪᠠᠷ ᠲᠣᠳᠣᠷᠬᠠᠢ ᠲᠠᠨᠢᠵᠤ᠂ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠨᠢ ᠠᠵᠢᠯ ᠤᠨ ᠰᠤᠷᠲᠠᠯ ᠢᠶᠠᠨ ᠰᠠᠶᠢᠵᠢᠷᠠᠭᠤᠯᠬᠤ᠂ ᠤᠯᠠᠨ ᠲᠦᠮᠡᠨ ᠲᠠᠢ | ᠨᠢᠭᠲᠠ ᠬᠠᠷᠢᠯᠴᠠᠬᠤ᠂ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠳᠤ ᠦᠵᠡᠭᠦᠯᠬᠦ ᠴᠢᠬᠤᠯᠠ ᠠᠴᠢ | ᠬᠤᠯᠪᠣᠭᠳᠠᠯ ᠢ ᠭᠦᠢᠴᠡᠳ ᠣᠶᠢᠯᠠᠭᠠᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ | ᠪᠣᠳᠠᠲᠠᠢ ᠠᠷᠭ᠎ᠠ ᠬᠡᠮᠵᠢᠶ᠎ᠡ ᠪᠠᠷ ᠲᠥᠪ ᠤᠨ ᠨᠠᠶᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ | ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠪᠣᠯᠤᠨ | ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠵᠡᠷᠭᠡ ᠠᠭᠤᠯᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠰᠤᠷᠤᠯᠴᠠᠬᠤ ᠳᠤ ᠤᠬᠠᠮᠰᠠᠷ ᠲᠠᠢ᠂ ᠰᠤᠷᠤᠯᠴᠠᠬᠤ ᠳᠤ ᠣᠯᠤᠯᠲᠠ ᠲᠠᠢ ᠪᠠᠶᠢᠬᠤ ᠶᠢ ᠪᠠᠲᠤᠯᠠᠬᠤ | ᠬᠡᠷᠡᠭᠲᠡᠢ᠃ ᠬᠠᠮᠢᠶ᠎ᠠ ᠪᠥᠬᠦᠶ ᠱᠠᠭᠠᠷᠳᠠᠯᠭ᠎ᠠ ᠲᠠᠢ ᠬᠠᠷᠢᠴᠠᠭᠤᠯᠵᠤ᠂ ᠪᠠᠶᠢᠴᠠᠭᠠᠨ ᠳᠡᠯᠭᠡᠬᠦ ᠠᠭᠤᠯᠭ᠎ᠠ ᠶᠢ ᠤᠯᠠᠮ ᠨᠢᠭᠡ | ᠠᠯᠬᠤᠮ ᠥᠷᠭᠡᠳᠬᠡᠨ ᠨᠠᠷᠢᠯᠢᠬᠵᠢᠭᠤᠯᠵᠤ᠂ ᠠᠰᠠᠭᠤᠳᠠᠯ ᠢ ᠭᠦᠨᠵᠡᠭᠡᠶ ᠪᠠᠶᠢᠴᠠᠭᠠᠨ ᠨᠠᠷᠢᠯᠢᠭ ᠠᠭᠤᠳᠠᠯᠵᠤ᠂ | ᠪᠠᠶᠢᠴᠠᠭᠠᠨ ᠳᠡᠯᠭᠡᠬᠦ ᠳᠤ ᠨᠢᠭᠤᠵᠤ ᠳᠠᠯᠳᠠᠯᠠᠬᠤ ᠥᠬᠡᠶ᠂ ᠠᠰᠠᠭᠤᠳᠠᠯ ᠢ ᠭᠦᠨᠵᠡᠭᠡᠶ ᠡᠷᠢᠵᠦ ᠣᠨᠣᠪᠴᠢᠲᠠᠶ ᠡᠷᠢᠬᠦ ᠶᠢ | ᠦᠨᠡᠨ ᠬᠦ ᠪᠠᠲᠤᠯᠠᠬᠤ ᠬᠡᠷᠡᠭᠲᠡᠶ᠃ ᠦᠨᠡᠨ ᠬᠦ ᠥᠭᠡᠷᠡᠴᠢᠯᠡᠨ ᠪᠣᠳᠠᠲᠠᠢ ᠰᠠᠶᠢᠵᠢᠷᠠᠭᠤᠯᠵᠤ᠂ ᠦᠩᠭᠡᠨ ᠲᠠᠯ᠎ᠠ ᠪᠠ | ᠦᠨᠳᠦᠰᠦ ᠠᠴᠠ ᠨᠢ ᠵᠠᠰᠠᠵᠤ᠂ ︽ᠣᠳᠣᠬᠠᠨ ᠳᠤ ᠥᠭᠡᠷᠡᠴᠢᠯᠡᠬᠦ︾ ᠪᠠ ︽ᠤᠷᠳᠤ ᠬᠤᠭᠤᠴᠠᠭ᠎ᠠ ᠪᠠᠷ ᠪᠠᠶᠢᠭᠤᠯᠬᠤ︾ | ᠶᠢ ᠬᠠᠷᠢᠯᠴᠠᠨ ᠨᠡᠪᠲᠡᠷᠡᠯᠴᠡᠭᠦᠯᠬᠦ ᠶᠢ ᠴᠢᠬᠤᠯᠠᠴᠢᠯᠠᠵᠤ᠂ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠵᠤ | ᠤᠷᠳᠤ ᠬᠤᠭᠤᠴᠠᠭ᠎ᠠ ᠪᠠᠷ ᠪᠦᠲᠦᠮᠵᠢᠲᠡᠢ ᠪᠣᠯᠭᠠᠬᠤ ᠶᠢ ᠠᠬᠢᠭᠤᠯᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠪᠣᠯᠤᠨ | ᠭᠤᠣᠯ ᠠᠵᠢᠯ ᠤᠨ ᠤᠶᠠᠯᠳᠤᠯ ᠤᠨ ᠴᠡᠭ ᠢ ᠣᠨᠣᠪᠴᠢᠲᠠᠢ ᠣᠯᠵᠤ᠂ ᠤᠶᠤᠨ ᠴᠢᠳᠠᠯ ᠢᠶᠠᠨ ᠵᠣᠬᠢᠰᠲᠠᠢ | ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ︽ᠬᠤᠶᠠᠷ ᠶᠡᠭᠡ ᠶᠠᠪᠤᠳᠠᠯ︾᠂ ︽ᠵᠢᠷᠭᠤᠭᠠᠨ | ᠠᠵᠢᠯᠯᠠᠭ᠎ᠠ︾᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠠᠳᠬᠤᠵᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ᠂ ᠬᠠᠷᠢᠯᠴᠠᠨ ᠠᠬᠢᠭᠤᠯᠵᠤ ᠬᠠᠮᠲᠤᠪᠠᠷ | ᠤᠷᠤᠭᠰᠢᠯᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ | | | ᠨᠠᠶᠢᠷᠠᠭᠤᠯᠤᠭᠴᠢ᠄ ᠸᠠᠩ ᠵᠢᠩ ᠵᠢᠩ᠂ ᠴᠢᠶᠣᠣ ᠮᠢᠨ ᠮᠢᠨ | ᠣᠷᠴᠢᠭᠤᠯᠤᠭᠴᠢ᠄ ᠳ᠋ᠥᠩ ᠾᠦᠢ | | |