5 ᠰᠠᠷ᠎ᠠ ᠶᠢᠨ 8 ᠤ ᠡᠳᠦᠷ᠂ ᠵᠢᠨᠢᠩ ᠲᠣᠭᠤᠷᠢᠭ ᠤᠨ ᠴᠡᠴᠡᠷᠯᠢᠭ ᠣᠷᠴᠢᠨ ᠲᠣᠭᠤᠷᠢᠨ ᠤ ᠠᠷᠢᠭᠤᠨ | ᠴᠡᠪᠡᠷ ᠤᠨ ᠦᠢᠯᠡᠴᠢᠯᠡᠭᠡᠨ ᠤ ᠲᠥᠪ ᠤᠳᠠ ᠤᠯᠢᠶᠠᠰᠤ ᠮᠣᠳᠣ ᠶᠢᠨ ᠤᠩᠭᠠᠷᠢᠯ ᠢ ᠴᠡᠭᠴᠡᠯᠡᠨ ᠵᠠᠰᠠᠬᠤ | ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠥᠪ ᠤᠨ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠡᠷᠬᠢᠯᠡᠭᠴᠢ ᠵᠧᠩ ᠴᠢᠶᠦ᠋ᠨ ᠬᠤᠷᠠᠯ ᠡᠷᠭᠢᠯᠡᠵᠦ᠂ ᠤᠳᠤᠷᠢᠳᠬᠤ ᠪᠠᠭ ᠤᠨ | ᠪᠦᠷᠢᠯᠳᠦᠬᠦᠨ᠂ ᠠᠷᠠᠴᠢᠯᠠᠨ ᠬᠠᠮᠠᠭᠠᠯᠠᠬᠤ ᠲᠠᠰᠤᠭ ᠤᠨ ᠠᠵᠢᠯᠲᠠᠨ᠂ ᠣᠷᠳᠣᠰ ᠤᠨ ᠷᠦᠩ ᠳ᠋ᠡ ᠴᠡᠴᠡᠷᠯᠢᠭ ᠤᠨ | ᠨᠣᠭᠤᠭᠠᠷᠠᠭᠤᠯᠤᠯᠲᠠ ᠶᠢᠨ ᠬᠢᠵᠠᠭᠠᠷᠲᠤ ᠺᠣᠮᠫᠠᠨᠢ᠂ ᠲᠢᠶᠠᠨᠵᠢᠨ ᠤ ᠴᠢᠩ ᠴᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ | ᠬᠥᠭᠵᠢᠯᠲᠡ ᠶᠢᠨ ᠬᠢᠵᠠᠭᠠᠷᠲᠤ ᠺᠣᠮᠫᠠᠨᠢ ᠵᠢᠴᠢ ᠤᠯᠠᠭᠠᠨᠴᠠᠪ ᠤᠨ ᠱᠢ ᠵᠢᠶ ᠣᠷᠴᠢᠨ ᠲᠣᠭᠤᠷᠢᠨ ᠤ ᠰᠢᠨᠵᠢᠯᠡᠬᠦ | ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠣᠷᠣᠯᠴᠠᠵᠠᠶ᠃ | ᠬᠤᠷᠠᠯ ᠠᠴᠠ᠂ 5 - 6 ᠰᠠᠷ᠎ᠠ ᠪᠣᠯ ᠤᠳᠠ ᠤᠯᠢᠶᠠᠰᠤ ᠮᠣᠳᠣ ᠶᠢᠨ ᠤᠩᠭᠠᠷᠢᠯ ᠤᠯᠠᠨ ᠡᠭᠦᠰᠬᠦ | ᠬᠤᠭᠤᠴᠠᠭ᠎ᠠ ᠪᠣᠯᠤᠨ᠎ᠠ᠂ ᠱᠢ ᠵᠢᠢ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ | 2 ᠰᠠᠤᠷᠢ ᠮᠠᠨᠠᠨᠲᠤ ᠲᠡᠷᠭᠡ᠂ 24 ᠰᠠᠤᠷᠢ ᠴᠡᠪᠡᠷᠯᠡᠨ ᠤᠬᠢᠶᠠᠬᠤ ᠲᠡᠷᠭᠡ᠂ 13 ᠤᠰᠤ ᠰᠦᠷᠴᠢᠬᠦ ᠲᠡᠷᠭᠡ ᠶᠢ ᠴᠠᠭ | ᠲᠤᠬᠠᠢ ᠳᠤᠨᠢ ᠮᠠᠰᠢᠨ ᠢᠶᠠᠷ ᠨᠦᠢᠲᠠᠨ ᠱᠦᠭᠦᠷᠳᠡᠬᠦ᠂ ᠤᠰᠤ ᠰᠦᠷᠴᠢᠬᠦ ᠵᠡᠷᠭᠡ ᠠᠵᠢᠯ ᠢ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠶᠢᠨ ᠬᠠᠮᠲᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠲᠠᠳ ᠢ ᠵᠣᠬᠢᠶᠠᠨ | ᠪᠠᠶᠢᠭᠤᠯᠵᠤ ᠨᠣᠭᠤᠭᠠᠷᠠᠭᠤᠯᠤᠯᠲᠠ ᠶᠢᠨ ᠪᠦᠰᠡ᠂ ᠮᠠᠰᠢᠨᠲᠤ ᠪᠤᠰᠤ ᠲᠡᠷᠭᠡᠨ ᠤ ᠵᠠᠮ᠂ ᠶᠠᠪᠠᠭᠠᠨ ᠬᠥᠮᠦᠨ ᠤ ᠵᠠᠮ ᠤᠨ | ᠲᠤᠬᠠᠢ ᠪᠠᠶᠢᠳᠠᠯ ᠢ ᠴᠤᠭᠯᠠᠭᠤᠯᠤᠨ ᠴᠡᠪᠡᠷᠯᠡᠵᠦ᠂ ᠬᠤᠶᠠᠳᠠᠬᠢ ᠤᠳᠠᠭ᠎ᠠ ᠤᠩᠭᠠᠷᠢᠯ ᠨᠢᠰᠬᠦ ᠠᠴᠠ ᠵᠠᠶᠢᠯᠠᠰᠬᠢᠬᠦ | ᠬᠡᠷᠡᠭᠲᠡᠢ ᠭᠡᠵᠦ ᠵᠢᠭᠠᠵᠤ ᠭᠠᠷᠭᠠᠪᠠ᠃ ᠡᠭᠦᠨ ᠤ ᠬᠠᠮᠲᠤ ᠴᠢᠩ ᠴᠤᠸᠠᠨ᠂ ᠷᠦᠩ ᠳ᠋ᠠ ᠵᠡᠷᠭᠡ ᠠᠷᠠᠴᠢᠯᠠᠨ | ᠬᠠᠮᠠᠭᠠᠯᠠᠬᠤ ᠠᠵᠤ ᠠᠬᠤᠶᠢᠯᠠᠯ ᠤᠳ ᠳᠡᠰ ᠳᠡᠪᠰᠢᠬᠦ ᠮᠠᠰᠢᠨ ᠪᠠ ᠠᠷᠠᠴᠢᠯᠠᠨ ᠬᠠᠮᠠᠭᠠᠯᠠᠬᠤ ᠠᠵᠢᠯᠲᠠᠨ ᠲᠣᠬᠢᠷᠠᠭᠤᠯᠤᠨ | ᠮᠣᠳᠣᠨ ᠮᠠᠯᠠᠭᠠᠶ ᠨᠢ ᠬᠡᠳᠦ ᠥᠨᠳᠥᠷ᠂ ᠬᠠᠵᠠᠭᠤ ᠰᠠᠯᠠᠭ᠎ᠠ ᠨᠢ ᠨᠡᠯᠢᠶᠡᠳ ᠨᠢᠭᠲᠠ ᠪᠠᠶᠢᠭ᠎ᠠ ᠤᠳᠠ ᠤᠯᠢᠶᠠᠰᠤ | ᠮᠣᠳᠣ ᠶᠢ ᠭᠦᠨᠵᠡᠭᠡᠶ ᠬᠠᠶᠢᠴᠢᠯᠠᠨ ᠵᠠᠰᠠᠵᠤ᠂ ᠤᠳᠠ ᠤᠯᠢᠶᠠᠰᠤ ᠮᠣᠳᠣ ᠶᠢᠨ ᠤᠩᠭᠠᠷᠢᠯ ᠡᠭᠦᠰᠬᠦ ᠶᠢ ᠪᠠᠭᠠᠰᠬᠠᠬᠤ | ᠬᠡᠷᠡᠭᠲᠡᠶ᠃ | ᠬᠤᠷᠠᠯ ᠠᠴᠠ᠂ ᠭᠤᠣᠯ ᠪᠣᠯᠬᠤ ᠬᠤᠯᠪᠣᠭᠳᠠᠯ ᠪᠦᠬᠦᠢ ᠲᠠᠰᠤᠭ᠂ ᠡᠯ᠎ᠡ ᠠᠷᠠᠴᠢᠯᠠᠨ ᠬᠠᠮᠠᠭᠠᠯᠠᠬᠤ ᠠᠵᠤ | ᠠᠬᠤᠶᠢᠯᠠᠯ ᠵᠢᠴᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠤ ᠠᠬᠤᠶᠢᠯᠠᠯ ᠦᠵᠡᠯ ᠰᠠᠨᠠᠭᠠᠨ ᠤ | ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠰᠠᠭᠤᠳᠠᠯ ᠢᠶᠠᠷ ᠤᠳᠤᠷᠢᠳᠤᠮᠵᠢ | ᠪᠣᠯᠭᠠᠬᠤ ᠶᠢ ᠪᠠᠷᠢᠮᠲᠠᠯᠠᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠳᠤ ᠠᠩᠬᠠᠷᠤᠯ ᠢᠶᠠᠨ | ᠲᠥᠪᠯᠡᠷᠡᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠪᠠᠶᠢᠭᠠᠳ ᠤᠩᠭᠠᠷᠢᠯ ᠢ | ᠶᠡᠷᠦᠩᠬᠡᠶᠢᠯᠡᠨ ᠰᠡᠷᠭᠡᠶᠢᠯᠡᠨ ᠵᠠᠰᠠᠬᠤ ᠠᠵᠢᠯ ᠢ ᠥᠷᠨᠢᠭᠦᠯᠵᠦ᠂ ᠬᠤᠳᠠ ᠶᠢᠨ ᠬᠥᠮᠦᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠢ᠃ | | | ᠣᠷᠴᠢᠭᠤᠯᠤᠭᠴᠢ᠄ ᠳ᠋ᠥᠩ ᠾᠦᠢ | | |