ᠡᠪᠡᠳᠴᠢᠯᠡᠭᠦᠯᠬᠦ ᠴᠢᠨᠠᠷ ᠢᠶᠠᠷ ᠴᠢᠩᠭ᠎ᠠ ᠵᠢᠭᠦᠷᠲᠡᠨ ᠤ ᠬᠠᠯᠳᠠᠪᠤᠷᠢᠲᠤ ᠲᠠᠭᠰᠢᠭᠤᠷ᠂ ᠰᠢᠯᠦᠬᠡᠶ ᠡᠪᠡᠳᠴᠢᠨ | ᠵᠡᠷᠭᠡ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠤ ᠬᠠᠯᠳᠠᠪᠤᠷᠢᠯᠠᠯ ᠤᠨ ᠡᠬᠢ ᠰᠤᠷᠪᠤᠯᠵᠢ ᠶᠢ ᠪᠦᠲᠦᠮᠵᠢᠲᠡᠶ ᠪᠠᠷ | ᠬᠢᠵᠠᠭᠠᠷᠯᠠᠵᠤ᠂ ᠠᠮᠢᠲᠠᠨ ᠤ ᠬᠦᠨᠳᠦ ᠶᠡᠭᠡ ᠬᠢᠵᠢᠭ ᠭᠠᠷᠬᠤ ᠪᠠ ᠳᠡᠯᠭᠡᠷᠡᠬᠦ ᠶᠢ ᠰᠡᠷᠭᠡᠶᠢᠯᠡᠬᠦ ᠶᠢᠨ ᠲᠤᠰᠠᠳᠠ᠂ ᠮᠠᠨ ᠤ | ᠲᠣᠭᠤᠷᠢᠭ ᠤᠨ ᠮᠠᠯ ᠠᠵᠤ ᠠᠬᠤᠶ ᠶᠢᠨ ᠡᠷᠡᠭᠦᠯ ᠢᠶᠠᠷ ᠬᠥᠭᠵᠢᠬᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ | ᠠᠮᠤᠷ ᠲᠦᠪᠰᠢᠨ ᠢ ᠪᠠᠲᠤᠯᠠᠵᠤ᠂ ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ | ᠲᠣᠪᠴᠢᠶ᠎ᠠ ᠠᠴᠠ ᠵᠢᠨᠢᠩ ᠲᠣᠭᠤᠷᠢᠭ ᠤᠨ ᠠᠮᠢᠲᠠᠨ ᠤ ᠬᠢᠵᠢᠭ ᠰᠡᠷᠭᠡᠶᠢᠯᠡᠬᠦ ᠦᠶᠯᠡᠴᠢᠯᠡᠭᠡᠨ ᠤ ᠲᠥᠪ ᠲᠤ ᠨᠠᠶᠢᠳᠠᠵᠤ | ᠬᠠᠷᠢᠶ᠎ᠠ ᠣᠷᠣᠨ ᠤ ᠲᠡᠵᠢᠭᠡᠨ ᠦᠷᠡᠵᠢᠭᠦᠯᠬᠦ ᠲᠠᠯᠠᠪᠠᠶ ︵ᠡᠷᠦᠬᠡ︶᠂ ᠨᠢᠲᠤᠯᠬᠤ ᠲᠠᠯᠠᠪᠠᠶ ᠵᠡᠷᠭᠡ ᠵᠠᠩᠭᠢᠯᠠᠭ᠎ᠠ ᠶᠢᠨ | ᠲᠠᠯᠠᠪᠤᠷ ᠲᠤ ᠬᠠᠪᠤᠷ ᠤᠨ ᠤᠯᠠᠷᠢᠯ ᠤᠨ ᠠᠷᠢᠭᠤᠳᠬᠠᠯ ᠤᠨ ᠡᠬᠢ ᠰᠤᠷᠪᠤᠯᠵᠢ ᠶᠢ ᠤᠰᠠᠳᠬᠠᠬᠤ ᠠᠵᠢᠯ ᠢ ᠪᠥᠬᠦ | ᠲᠠᠯ᠎ᠠ ᠪᠠᠷ ᠥᠷᠨᠢᠭᠦᠯᠪᠡ᠃ 5 ᠰᠠᠷ᠎ᠠ ᠶᠢᠨ 8 ᠤ ᠡᠳᠦᠷ ᠪᠣᠯᠲᠠᠯ᠎ᠠ᠂ ᠠᠮᠢᠲᠠᠨ ᠤ ᠬᠦᠨᠳᠦ ᠶᠡᠭᠡ ᠬᠢᠵᠢᠭ | ᠡᠪᠡᠳᠴᠢᠨ ᠢ ᠲᠥᠪᠯᠡᠷᠡᠭᠦᠯᠦᠨ ᠠᠷᠢᠭᠤᠳᠬᠠᠵᠤ ᠡᠬᠢ ᠰᠤᠷᠪᠤᠯᠵᠢ ᠶᠢ ᠤᠰᠠᠳᠬᠠᠬᠤ ᠠᠵᠢᠯᠯᠠᠭ᠎ᠠ ᠶᠢ ᠨᠢᠭᠡᠨᠲᠡ ᠪᠥᠬᠦ | ᠲᠠᠯ᠎ᠠ ᠪᠠᠷ ᠪᠡᠶᠡᠯᠡᠭᠦᠯᠪᠡ᠃ | ᠲᠣᠰ ᠤᠳᠠᠭᠠᠨ ᠤ ᠠᠵᠢᠯᠯᠠᠭ᠎ᠠ ᠳᠤᠮᠳᠠ᠂ ᠮᠠᠨ ᠤ ᠲᠥᠪ ᠢᠯᠡ ᠲᠣᠳᠣ᠂ ᠠᠷᠭ᠎ᠠ ᠬᠡᠮᠵᠢᠶ᠎ᠡ ᠪᠣᠳᠠᠲᠠᠶ᠂ ᠡᠷᠴᠢ | ᠵᠣᠷᠢᠭ ᠭᠦᠢᠴᠡᠳ ᠪᠠᠶᠢᠨ᠎ᠠ᠃ ᠨᠢᠭᠡ ᠳᠤ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ᠂ ᠭᠤᠤᠯᠳᠠᠯᠭ᠎ᠠ ᠶᠢ | ᠳᠣᠪᠤᠶᠢᠯᠭᠠᠨ᠎ᠠ᠃ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠨᠢᠭᠡᠳᠦᠭᠡᠷ ᠹᠷᠣᠨᠲ ᠲᠤ | ᠭᠦᠨᠵᠡᠭᠡᠶᠢᠷᠡᠭᠦᠯᠦᠨ ᠡᠬᠢ ᠡᠭᠦᠰᠦᠯ ᠢ ᠨᠢ ᠤᠰᠠᠳᠬᠠᠬᠤ ᠠᠵᠢᠯ ᠢ ᠥᠷᠨᠢᠭᠦᠯᠬᠦ ᠪᠠ ᠵᠢᠯᠣᠭᠤᠳᠴᠤ᠂ ᠢᠯᠠᠩᠭᠤᠶ᠎ᠠ | ᠲᠡᠵᠢᠭᠡᠨ ᠦᠷᠡᠵᠢᠭᠦᠯᠬᠦ ᠨᠢᠭᠲᠠᠷᠠᠭᠰᠠᠨ ᠣᠷᠣᠨ ᠵᠡᠷᠭᠡ ᠭᠤᠤᠯᠳᠠᠯᠭ᠎ᠠ ᠲᠠᠢ ᠲᠠᠯᠠᠪᠤᠷ ᠤᠨ ᠠᠷᠢᠭᠤᠳᠬᠠᠵᠤ ᠡᠬᠢ | ᠡᠭᠦᠰᠦᠯ ᠢ ᠨᠢ ᠤᠰᠠᠳᠬᠠᠬᠤ ᠠᠵᠢᠯ ᠢ ᠰᠠᠶᠢᠲᠤᠷ ᠠᠳᠬᠤᠨ᠎ᠠ︔ ᠬᠤᠶᠠᠷ ᠲᠤ ᠤᠬᠠᠭᠤᠯᠭ᠎ᠠ ᠪᠠᠨ ᠴᠢᠩᠭᠠᠳᠬᠠᠵᠤ᠂ | ᠨᠠᠶᠢᠳᠠᠪᠤᠷᠢᠵᠢᠭᠤᠯᠤᠯᠲᠠ ᠶᠢ ᠨᠠᠶᠢᠳᠠᠪᠤᠷᠢᠵᠢᠭᠤᠯᠤᠨ᠎ᠠ᠃ ᠬᠠᠮᠢᠶ᠎ᠠ ᠪᠥᠬᠦᠶ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ | ᠲᠤᠬᠠᠶ ᠶᠢᠨ ᠲᠠᠯᠠᠪᠤᠷ ᠲᠤ ᠵᠢᠯᠣᠭᠤᠳᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠲᠡᠵᠢᠭᠡᠨ ᠦᠷᠡᠵᠢᠭᠦᠯᠬᠦ ᠡᠷᠦᠬᠡ ᠶᠢ | ᠬᠠᠪᠰᠤᠷᠤᠨ ᠰᠢᠨᠵᠢᠯᠡᠬᠦ ᠤᠬᠠᠭᠠᠨᠴᠢ ᠠᠷᠢᠭᠤᠳᠬᠠᠬᠤ ᠮᠡᠳᠡᠯᠭᠡ ᠪᠠ ᠠᠷᠢᠭᠤᠳᠬᠠᠬᠤ ᠤᠷ᠎ᠠ ᠴᠢᠳᠠᠪᠤᠷᠢ ᠶᠢ | ᠡᠵᠡᠮᠰᠢᠭᠦᠯᠵᠦ᠂ ᠠᠷᠢᠭᠤᠳᠬᠠᠯ ᠤᠨ ᠡᠬᠢ ᠰᠤᠷᠪᠤᠯᠵᠢ ᠶᠢ ᠤᠰᠠᠳᠬᠠᠬᠤ ᠠᠵᠢᠯ ᠤᠨ ᠴᠢᠬᠤᠯᠠ ᠴᠢᠨᠠᠷ ᠤᠨ ᠲᠤᠬᠠᠶ | ᠲᠠᠨᠢᠯᠲᠠ ᠶᠢ ᠳᠡᠭᠡᠭᠰᠢᠯᠡᠭᠦᠯᠦᠨ᠂ ᠡᠳᠦᠷ ᠲᠤᠲᠤᠮ ᠤᠨ ᠠᠷᠢᠭᠤᠳᠬᠠᠬᠤ ᠲᠦᠷᠢᠮ ᠢ ᠪᠠᠶᠢᠭᠤᠯᠤᠨ ᠪᠦᠷᠢᠨᠰᠢᠬᠦᠯᠦᠨ᠎ᠠ᠃ | | ᠲᠣᠰ ᠤᠳᠠᠭᠠᠨ ᠤ ᠬᠠᠪᠤᠷ ᠤᠨ ᠤᠯᠠᠷᠢᠯ ᠤᠨ ᠠᠷᠢᠭᠤᠳᠬᠠᠯ ᠤᠨ ᠡᠬᠢ ᠰᠤᠷᠪᠤᠯᠵᠢ ᠶᠢ ᠤᠰᠠᠳᠬᠠᠬᠤ | ᠠᠵᠢᠯ ᠳᠤ ᠠᠷᠢᠭᠤᠳᠬᠠᠬᠤ ᠲᠠᠰ ᠳᠠᠷᠠᠭᠠᠯᠠᠯ ᠢ ᠴᠢᠩᠭ᠎ᠠ ᠵᠢᠷᠤᠮᠯᠠᠨ᠂ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠢ | ᠴᠡᠪᠡᠷᠰᠢᠭᠦᠯᠬᠦ ᠶᠢᠨ ᠬᠠᠮᠲᠤ ᠠᠷᠢᠭᠤᠳᠬᠠᠭᠰᠠᠨ ᠲᠡᠮᠳᠡᠭᠯᠡᠯ ᠪᠠᠶᠢᠭᠤᠯᠵᠤ᠂ ᠠᠮᠢᠲᠠᠨ ᠤ ᠬᠢᠵᠢᠭ ᠡᠪᠡᠳᠴᠢᠨ ᠤ | ᠬᠠᠯᠳᠠᠪᠤᠷᠢᠯᠠᠬᠤ ᠵᠠᠮ ᠢ ᠪᠦᠲᠦᠮᠵᠢᠲᠡᠶ ᠲᠠᠰᠤᠯᠵᠤ᠂ ᠮᠠᠨ ᠤ ᠲᠤᠭᠤᠷᠢᠭ ᠤᠨ ᠲᠡᠵᠢᠭᠡᠨ ᠦᠷᠡᠵᠢᠭᠦᠯᠬᠦ ᠣᠷᠴᠢᠨ | ᠲᠣᠭᠤᠷᠢᠨ ᠤ ᠠᠮᠤᠷ ᠲᠦᠪᠰᠢᠨ ᠢ ᠪᠠᠲᠤᠯᠠᠪᠠ᠃ ︽ᠳᠣᠲᠣᠭᠠᠳᠤ ᠳᠠᠭᠠᠨ ᠬᠢᠵᠢᠭ ᠡᠭᠦᠰᠬᠦ ᠦᠭᠡᠢ᠂ ᠭᠠᠳᠠᠨ᠎ᠠ ᠠᠴᠠ | ᠬᠢᠵᠢᠭ ᠬᠠᠯᠳᠠᠪᠤᠷᠢᠯᠠᠨ ᠣᠷᠣᠬᠤ ᠦᠭᠡᠢ︾ ᠬᠢᠵᠢᠭ ᠢ ᠰᠡᠷᠭᠡᠶᠢᠯᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠪᠠᠲᠤ | ᠪᠠᠬᠢ ᠰᠠᠭᠤᠷᠢ ᠶᠢ ᠲᠠᠯᠪᠢᠬᠤ ᠬᠡᠷᠡᠭᠲᠡᠶ᠃ | | | ᠣᠷᠴᠢᠭᠤᠯᠤᠭᠴᠢ᠄ ᠳ᠋ᠥᠩ ᠾᠦᠢ | | |