ᠵᠢᠨᠢᠩ ᠲᠣᠭᠤᠷᠢᠭ ᠤᠨ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ︽ᠭᠤᠷᠪᠠᠨ ᠬᠠᠷᠢᠭᠤᠴᠠᠯᠭᠠᠲᠠᠨ︾ ᠢ ᠢᠯᠡ ᠨᠡᠶᠢᠲᠡᠯᠡᠪᠡ
ᠨᠡᠶᠢᠲᠡᠯᠡᠭᠰᠡᠨ ᠴᠠᠭ᠄
2025/5/15
     ᠬᠥᠳᠡᠭᠡ ᠲᠣᠰᠬᠤᠨ ᠤ ᠤᠤᠭᠤᠬᠤ ᠤᠰᠤᠨ ᠤ ᠠᠶᠦᠯᠭᠦᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠶᠦᠯᠭᠦᠢ ᠶᠢᠨ ᠬᠠᠮᠢᠶᠠᠷᠤᠯᠲᠠ ᠶᠢᠨ ᠠᠵᠢᠯ ᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠪᠠᠷᠢᠯᠭ᠎ᠠ ᠶᠢ ᠰᠠᠶᠢᠲᠤᠷ ᠪᠠᠶᠢᠭᠤᠯᠵᠤ᠂ ᠰᠠᠶᠢᠲᠤᠷ ᠬᠠᠮᠢᠶᠠᠷᠴᠤ᠂ ᠣᠷᠳᠣ ᠬᠤᠭᠤᠴᠠᠭ᠎ᠠ ᠪᠠᠷ ᠠᠰᠢᠭ ᠭᠥᠷᠳᠡᠬᠦ ᠶᠢ ᠪᠡᠶᠡᠯᠡᠭᠦᠯᠦᠨ᠎ᠡ᠃ ︽ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠬᠤ ᠲᠤᠬᠠᠶ ᠤᠰᠤᠨ ᠠᠰᠢᠭᠯᠠᠯᠲᠠ ᠶᠢᠨ ᠶᠠᠮᠤᠨ ᠤ ᠮᠡᠳᠡᠭᠳᠡᠯ︾ ︵ᠤᠰᠤᠨ ᠲᠠᠷᠢᠶᠠᠯᠠᠩ ︹2019︺ 2 ᠳ᠋ᠤᠭᠠᠷ ᠲᠣᠭᠠᠲᠤ︶ ᠪᠣᠯᠤᠨ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ︵ᠲᠣᠭᠤᠷᠢᠭ︶ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠵᠢᠴᠢ ᠠᠵᠢᠯᠲᠠᠨ ᠢ ᠲᠣᠬᠢᠷᠠᠭᠤᠯᠤᠭᠰᠠᠨ ᠪᠠᠶᠢᠳᠠᠯ ᠢ ᠦᠨᠳᠦᠰᠦᠯᠡᠨ᠂ ᠵᠢᠨᠢᠩ ᠲᠣᠭᠤᠷᠢᠭ ᠤᠨ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ︽ᠭᠤᠷᠪᠠᠨ ᠬᠠᠷᠢᠭᠤᠴᠠᠯᠭ᠎ᠠ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠣᠬᠢᠷᠠᠭᠤᠯᠤᠯᠲᠠ ᠬᠢᠵᠦ᠂ ᠡᠳᠦᠭᠡ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠪᠡ᠃     ᠨᠢᠭᠡ᠂ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ     ︵ᠨᠢᠭᠡ︶ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ     ᠬᠠᠷᠢᠭᠤᠴᠠᠯᠭᠠᠲᠠᠨ᠄ ᠭᠦᠸᠧ ᠾᠦᠢ     ᠵᠠᠰᠠᠭ ᠤᠨ ᠣᠷᠳᠣᠨ ᠤ ᠳᠡᠳ᠋ ᠳᠠᠷᠤᠭ᠎ᠠ    ᠡᠭᠦᠷᠭᠡ ᠬᠠᠷᠢᠭᠤᠴᠠᠯᠭ᠎ᠠ᠄ ᠬᠠᠷᠢᠶ᠎ᠠ ᠬᠡᠪᠴᠢᠶᠡᠨ ᠳᠣᠲᠣᠷᠠᠬᠢ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠲᠦᠷᠢᠮ ᠤᠨ ᠪᠠᠲᠤᠯᠠᠭ᠎ᠠ᠂ ᠬᠠᠮᠢᠶᠠᠷᠤᠯᠲᠠ ᠶᠢᠨ ᠪᠠᠶᠢᠭᠤᠯᠤᠮᠵᠢ᠂ ᠠᠵᠢᠯᠲᠠᠨ ᠪᠠ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠵᠢᠴᠢ ᠠᠵᠢᠯᠯᠠᠭᠠᠨ ᠤ ᠬᠠᠮᠢᠶᠠᠷᠤᠯᠲᠠ ᠶᠢᠨ ᠵᠠᠷᠤᠳᠠᠯ ᠢ ᠨᠠᠶᠢᠳᠠᠪᠤᠷᠢᠵᠢᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠬᠠᠷᠢᠭᠤᠴᠠᠵᠤ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠤᠨ ᠬᠠᠮᠢᠶᠠᠷᠤᠯᠲᠠ ᠶᠢᠨ ᠠᠷᠭ᠎ᠠ ᠪᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃      ︵ᠬᠤᠶᠠᠷ︶  ᠡᠯ᠎ᠡ ᠰᠤᠮᠤ ︵ᠪᠠᠯᠭᠠᠰᠤ︶ ᠶᠢᠨ ᠵᠠᠰᠠᠭ ᠤᠨ ᠣᠷᠳᠣᠨ     ᠪᠠᠶ ᠬᠠᠶ ᠽᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ᠄ ᠸᠠᠩ ᠲᠧᠩ ᠹᠸᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ    ᠮᠠ ᠯᠢᠶᠠᠨ ᠴᠢᠦᠶ ᠰᠢᠶᠠᠩ ᠤᠨ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ᠄ ᠭᠦᠸᠧ ᠰᠢᠶᠤᠤ ᠾᠦᠢ         ᠰᠢᠶᠠᠩ ᠤᠨ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠩ ᠤᠨ ᠳᠠᠷᠤᠭ᠎ᠠ    ᠡᠭᠦᠷᠭᠡ ᠬᠠᠷᠢᠭᠤᠴᠠᠯᠭ᠎ᠠ᠄ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠵᠢᠯᠴᠠᠨ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ ᠪᠠ ᠬᠢᠨᠠᠨ ᠬᠠᠮᠢᠶᠠᠷᠬᠤ ᠶᠢ ᠰᠠᠶᠢᠲᠤᠷ ᠬᠢᠬᠦ ᠶᠢ ᠬᠠᠷᠢᠭᠤᠴᠠᠵᠤ᠂ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠶᠢ ᠵᠣᠬᠢᠴᠠᠭᠤᠯᠤᠨ ᠵᠣᠬᠢᠶᠠᠨ ᠪᠠᠶᠢᠭᠤᠯᠵᠤ ᠲᠣᠰ ᠬᠠᠷᠢᠶ᠎ᠠ ᠣᠷᠣᠨ ᠤ ᠪᠠᠨ ᠳᠣᠲᠣᠷᠠᠬᠢ ᠤᠰᠤ ᠬᠡᠷᠡᠭᠯᠡᠬᠦ ᠶᠢ ᠳᠣᠭᠢᠷᠠᠭᠤᠯᠬᠤ᠂ ᠠᠮᠤᠷ ᠲᠦᠪᠰᠢᠨ ᠢᠶᠠᠷ ᠠᠵᠢᠯᠯᠠᠭᠤᠯᠬᠤ᠂ ᠤᠰᠤᠨ ᠤ ᠦᠨ᠎ᠡ ᠶᠢ ᠬᠢᠨᠠᠨ ᠲᠣᠭᠲᠠᠭᠠᠬᠤ᠂ ᠤᠰᠤᠨ ᠤ ᠰᠦᠶᠳᠬᠡᠯ ᠲᠠᠲᠠᠪᠤᠷᠢᠯᠠᠬᠤ᠂ ᠡᠳᠦᠷ ᠲᠤᠲᠤᠮ ᠤᠨ ᠬᠠᠮᠢᠶᠠᠷᠤᠯᠲᠠ ᠬᠠᠮᠠᠭᠠᠯᠠᠯᠲᠠ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ ᠵᠡᠷᠭᠡ ᠠᠵᠢᠯ ᠢ ᠰᠠᠶᠢᠲᠤᠷ ᠬᠢᠨ᠎ᠠ᠃     ᠬᠤᠶᠠᠷ᠂ ᠤᠰᠤᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ    ᠬᠠᠷᠢᠭᠤᠴᠠᠯᠭᠠᠲᠠᠨ᠄ ᠰᠢᠶᠠᠩ ᠢᠦᠶ      ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ    ᠲᠤᠰᠢᠶᠠᠯ ᠬᠠᠷᠢᠭᠤᠴᠠᠯᠭ᠎ᠠ᠄ ᠬᠥᠳᠡᠭᠡ ᠲᠣᠰᠬᠤᠨ ᠤ ᠤᠤᠭᠤᠬᠤ ᠤᠰᠤᠨ ᠤ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠪᠠ ᠲᠦᠷᠢᠮ ᠢ ᠰᠤᠳᠤᠯᠤᠨ ᠲᠣᠭᠲᠠᠭᠠᠬᠤ ᠶᠢ ᠬᠠᠷᠢᠭᠤᠴᠠᠵᠤ᠂ ᠢᠨᠵᠧᠨᠧᠷᠢᠩ ᠤᠨ ᠠᠵᠢᠯᠯᠠᠭᠠᠨ ᠤ ᠬᠠᠮᠢᠶᠠᠷᠤᠯᠲᠠ᠂ ᠠᠷᠠᠴᠢᠯᠠᠨ ᠬᠠᠮᠠᠭᠠᠯᠠᠵᠤ ᠰᠡᠯᠪᠢᠨ ᠵᠠᠰᠠᠬᠤ᠂ ᠤᠰᠤᠨ ᠤ ᠡᠬᠢ ᠰᠤᠷᠪᠤᠯᠵᠢ ᠶᠢ ᠬᠠᠮᠠᠭᠠᠯᠠᠬᠤ᠂ ᠡᠳᠦᠷ ᠲᠤᠲᠤᠮ ᠤᠨ ᠤᠰᠤᠨ ᠤ ᠴᠢᠨᠠᠷ ᠢ ᠬᠢᠨᠠᠨ ᠬᠡᠮᠵᠢᠬᠦ ᠵᠡᠷᠭᠡ ᠠᠵᠢᠯ ᠢ ᠵᠢᠯᠣᠭᠤᠳᠬᠤ ᠪᠠ ᠬᠢᠨᠠᠯᠲᠠ ᠲᠠᠯᠪᠢᠵᠤ᠂ ᠤᠰᠤ ᠬᠠᠩᠭᠠᠬᠤ ᠠᠮᠤᠷ ᠲᠦᠪᠰᠢᠨ ᠤ ᠠᠵᠢᠯᠯᠠᠭᠠᠨ ᠤ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ᠎ᠠ᠃     ᠭᠤᠷᠪᠠ᠂ ᠠᠵᠢᠯᠯᠠᠭᠠᠨ ᠤ ᠬᠠᠮᠢᠶᠠᠷᠤᠯᠲᠠ ᠶᠢᠨ ᠬᠠᠷᠢᠭᠤᠴᠠᠯᠭ᠎ᠠ       ︵ᠨᠢᠭᠡ︶ ᠪᠠᠢ ᠬᠠᠢ ᠽᠢ ᠪᠠᠯᠭᠠᠰᠤ       ᠹᠦ᠋ ᠬᠦᠢ ᠲᠣᠰᠬᠤᠨ ᠤ ᠬᠠᠷᠢᠭᠤᠴᠠᠯᠭᠠᠲᠠᠨ᠄ ᠨᠢ ᠰᠢᠤᠸᠠᠢ ᠪᠢᠨ     ᠨᠠᠮ ᠤᠨ ᠡᠭᠦᠷ ᠤᠨ ᠱᠦᠵᠢ        ᠲᠤ ᠴᠧᠩ ᠽᠢ ᠲᠣᠰᠬᠤᠨ ᠤ ᠬᠠᠷᠢᠭᠤᠴᠠᠯᠭᠠᠲᠠᠨ᠄ ᠸᠧᠶ ᠱᠤᠸᠠᠨ ᠶᠸᠦ   ᠨᠠᠮ ᠤᠨ ᠡᠭᠦᠷ ᠤᠨ ᠱᠦᠵᠢ       ᠬᠤᠸᠠᠩ ᠵᠢᠶᠠ ᠲᠣᠰᠬᠤᠨ ᠤ ᠬᠠᠷᠢᠭᠤᠴᠠᠯᠭᠠᠲᠠᠨ᠄ ᠵᠣᠣ ᠵᠢᠩ      ᠨᠠᠮ ᠤᠨ ᠡᠭᠦᠷ ᠤᠨ ᠱᠦᠵᠢ       ᠨᠠᠨ ᠵᠢᠶᠧ ᠲᠣᠰᠬᠤᠨ ᠤ ᠬᠠᠷᠢᠭᠤᠴᠠᠯᠭᠠᠲᠠᠨ᠄ ᠼᠦᠢ ᠭᠤᠸᠠᠨ ᠨᠠᠨ     ᠨᠠᠮ ᠤᠨ ᠡᠭᠦᠷ ᠤᠨ ᠱᠦᠵᠢ       ᠴᠢᠤᠸᠠᠨ ᠨᠣᠣ ᠲᠣᠰᠬᠤᠨ ᠤ ᠬᠠᠷᠢᠭᠤᠴᠠᠯᠭᠠᠲᠠᠨ᠄ ᠵᠠᠩ ᠹᠸᠢ       ᠨᠠᠮ ᠤᠨ ᠡᠭᠦᠷ ᠤᠨ ᠱᠦᠵᠢ       ᠴᠢᠤᠸᠠᠨ ᠢᠦᠢ ᠯᠢᠩ ᠲᠣᠰᠬᠤᠨ ᠤ ᠬᠠᠷᠢᠭᠤᠴᠠᠯᠭᠠᠲᠠᠨ᠄ ᠵᠤᠤ ᠸᠧᠨ ᠴᠢᠩ   ᠨᠠᠮ ᠤᠨ ᠡᠭᠦᠷ ᠤᠨ ᠱᠦᠵᠢ       ᠵᠤᠤ ᠵᠢᠶᠠ ᠲᠣᠰᠬᠤᠨ ᠤ ᠬᠠᠷᠢᠭᠤᠴᠠᠯᠭᠠᠲᠠᠨ᠄ ᠪᠦᠦ ᠰᠢᠤᠸᠠᠢ ᠴᠢᠩ     ᠨᠠᠮ ᠤᠨ ᠡᠭᠦᠷ ᠤᠨ ᠱᠦᠵᠢ       ᠨᠠᠨ ᠸᠠ ᠲᠣᠰᠬᠤᠨ ᠤ ᠬᠠᠷᠢᠭᠤᠴᠠᠯᠭᠠᠲᠠᠨ᠄ ᠶᠤᠸᠠᠢ ᠵᠢᠶᠠᠨ ᠸᠧᠨ      ᠨᠠᠮ ᠤᠨ ᠡᠭᠦᠷ ᠤᠨ ᠱᠦᠵᠢ       ᠳ᠋ᠠ ᠾᠧ ᠸᠠᠨ ᠲᠣᠰᠬᠤᠨ ᠤ ᠬᠠᠷᠢᠭᠤᠴᠠᠯᠭᠠᠲᠠᠨ ᠰᠦᠨ ᠵᠢᠶᠠᠨ ᠸᠧᠨ    ᠨᠠᠮ ᠤᠨ ᠡᠭᠦᠷ ᠤᠨ ᠱᠦᠵᠢ       ᠵᠠᠩ ᠮᠤᠤ ᠲᠣᠰᠬᠤᠨ ᠤ ᠬᠠᠷᠢᠭᠤᠴᠠᠯᠭᠠᠲᠠᠨ᠄ ᠯᠸᠢ ᠯᠦᠩ          ᠨᠠᠮ ᠤᠨ ᠡᠭᠦᠷ ᠤᠨ ᠱᠦᠵᠢ       ᠮᠠᠭᠠᠶ ᠲᠣᠰᠬᠤᠨ ᠤ ᠬᠠᠷᠢᠭᠤᠴᠠᠯᠭᠠᠲᠠᠨ᠄ ᠹᠠᠨ ᠶᠢᠨ               ᠨᠠᠮ ᠤᠨ ᠡᠭᠦᠷ ᠤᠨ ᠱᠦᠵᠢ       ᠱᠧᠩ ᠵᠢᠶᠠ ᠶᠢᠩ ᠲᠣᠰᠬᠤᠨ ᠤ ᠬᠠᠷᠢᠭᠤᠴᠠᠯᠭᠠᠲᠠᠨ᠄ ᠳ᠋ᠢᠩ ᠸᠧᠶ ᠵᠢᠶᠦ᠋ᠨ    ᠨᠠᠮ ᠤᠨ ᠡᠭᠦᠷ ᠤᠨ ᠱᠦᠵᠢ       ᠵᠢᠷᠭᠤᠳᠤᠭᠠᠷ ᠰᠤᠮᠤ ᠲᠣᠰᠬᠤᠨ ᠤ ᠬᠠᠷᠢᠭᠤᠴᠠᠯᠭᠠᠲᠠᠨ᠄ ᠴᠧᠨ ᠿᠢ ᠰᠢᠤᠢ     ᠨᠠᠮ ᠤᠨ ᠡᠭᠦᠷ ᠤᠨ ᠱᠦᠵᠢ       ᠰᠢᠶᠤᠤ ᠳ᠋ᠦᠩ ᠬᠤᠤ ᠲᠣᠰᠬᠤᠨ ᠤ ᠬᠠᠷᠢᠭᠤᠴᠠᠯᠭᠠᠲᠠᠨ᠄ ᠯᠢ ᡁᠢ ᠸᠧᠨ      ᠨᠠᠮ ᠤᠨ ᠡᠭᠦᠷ ᠤᠨ ᠱᠦᠵᠢ       ᠳᠣᠯᠣᠳᠤᠭᠠᠷ ᠰᠤᠮᠤ ᠲᠣᠰᠬᠤᠨ ᠤ ᠬᠠᠷᠢᠭᠤᠴᠠᠯᠭᠠᠲᠠᠨ᠄ ᠼᠤᠤ ᠶᠦᠩ       ᠨᠠᠮ ᠤᠨ ᠡᠭᠦᠷ ᠤᠨ ᠱᠦᠵᠢ       ᠬᠠᠶᠢᠷ ᠲᠣᠰᠬᠤᠨ ᠤ ᠬᠠᠷᠢᠭᠤᠴᠠᠯᠭᠠᠲᠠᠨ᠄  ᠸᠠᠩ ᠳ᠋ᠦᠩ              ᠨᠠᠮ ᠤᠨ ᠡᠭᠦᠷ ᠤᠨ ᠱᠦᠵᠢ       ᠬᠤᠸᠠᠩ ᠲᠤ ᠴᠠᠩ ᠲᠣᠰᠬᠤᠨ ᠤ ᠬᠠᠷᠢᠭᠤᠴᠠᠯᠭᠠᠲᠠᠨ᠄ ᠢᠦᠶ ᠹᠧᠩ ᠬᠤ᠋    ᠨᠠᠮ ᠤᠨ ᠡᠭᠦᠷ ᠤᠨ ᠱᠦᠵᠢ    ︵ᠬᠤᠶᠠᠷ︶ ᠮᠠ ᠯᠢᠶᠠᠨ ᠴᠢᠦᠢ ᠰᠢᠶᠠᠩ       ᠯᠢᠦ ᠬᠤᠤ ᠴᠢᠦᠶ ᠲᠣᠰᠬᠤᠨ ᠤ ᠬᠠᠷᠢᠭᠤᠴᠠᠯᠭᠠᠲᠠᠨ᠄ ᠬᠤᠸᠠᠩ ᠢᠦᠶ     ᠨᠠᠮ ᠤᠨ ᠡᠭᠦᠷ ᠤᠨ ᠱᠦᠵᠢ       ᠶᠡᠭᠡ ᠠᠷᠪᠠᠳᠤᠭᠠᠷ ᠲᠣᠰᠬᠤᠨ ᠤ ᠬᠠᠷᠢᠭᠤᠴᠠᠯᠭᠠᠲᠠᠨ᠄ ᠴᠧᠨ ᠵᠧᠩ ᠬᠤᠤ   ᠨᠠᠮ ᠤᠨ ᠡᠭᠦᠷ ᠤᠨ ᠱᠦᠵᠢ       ᠯᠢ ᠴᠠᠩ ᠴᠢᠩ ᠲᠣᠰᠬᠤᠨ ᠤ ᠬᠠᠷᠢᠭᠤᠴᠠᠯᠭᠠᠲᠠᠨ᠄ ᠺᠠᠩ ᠵᠢᠩ ᠰᠢᠶᠤᠤ    ᠨᠠᠮ ᠤᠨ ᠡᠭᠦᠷ ᠤᠨ ᠱᠦᠵᠢ       ᠰᠠᠨ ᠭᠦ᠋ ᠴᠢᠤᠸᠠᠨ ᠲᠤᠰᠬᠤᠨ ᠤ ᠬᠠᠷᠢᠭᠤᠴᠠᠯᠭᠠᠲᠠᠨ᠄ ᠮᠤ᠋ ᠸᠧᠢ          ᠨᠠᠮ ᠤᠨ ᠡᠭᠦᠷ ᠤᠨ ᠱᠦᠵᠢ       ᠱᠢ ᠵᠢᠶᠠ ᠲᠣᠰᠬᠤᠨ ᠤ ᠬᠠᠷᠢᠭᠤᠴᠠᠯᠭᠠᠲᠠᠨ᠄ ᠸᠠᠩ ᠴᠢᠶᠦ᠋ᠨ            ᠨᠠᠮ ᠤᠨ ᠡᠭᠦᠷ ᠤᠨ ᠱᠦᠵᠢ       ᠵᠠᠶ ᠵᠢᠶᠠ ᠭᠸᠦ ᠲᠣᠰᠬᠤᠨ ᠤ ᠬᠠᠷᠢᠭᠤᠴᠠᠯᠭᠠᠲᠠᠨ᠄ ᠰᠦ᠋ ᠸᠧᠨ            ᠨᠠᠮ ᠤᠨ ᠡᠭᠦᠷ ᠤᠨ ᠱᠦᠵᠢ     ᠰᠠᠨ ᠴᠧᠩ ᠲᠣᠪᠴᠢᠶ᠎ᠠ ᠶᠢᠨ ᠲᠣᠰᠬᠤᠨ ᠤ ᠬᠠᠷᠢᠭᠤᠴᠠᠯᠭᠠᠲᠠᠨ᠄ ᠰᠢᠩ ᠬᠦᠶ ᠬᠤᠩ   ᠨᠠᠮ ᠤᠨ ᠡᠭᠦᠷ ᠤᠨ ᠱᠦᠵᠢ       ᠪᠠ ᠸᠠᠩ ᠾᠧ ᠲᠣᠰᠬᠤᠨ ᠤ ᠬᠠᠷᠢᠭᠤᠴᠠᠯᠭᠠᠲᠠᠨ᠄  ᠶᠢᠨ ᠰᠢᠤᠸᠠᠢ ᠷᠦᠢ    ᠨᠠᠮ ᠤᠨ ᠡᠭᠦᠷ ᠤᠨ ᠱᠦᠵᠢ     ᠡᠭᠦᠷᠭᠡ ᠬᠠᠷᠢᠭᠤᠴᠠᠯᠭ᠎ᠠ᠄ ᠡᠯ᠎ᠡ ᠵᠠᠰᠠᠭ ᠵᠠᠬᠢᠷᠭᠠᠨ ᠤ ᠲᠣᠰᠬᠤᠨ ᠠᠵᠢᠯᠯᠠᠭᠠᠨ ᠤ ᠬᠠᠮᠢᠶᠠᠷᠤᠯᠲᠠ ᠶᠢᠨ ᠨᠢᠭᠡᠴᠡ ᠪᠣᠯᠤᠨ᠎ᠠ᠂ ᠲᠣᠭᠲᠠᠮᠠᠯ ᠬᠤᠭᠤᠴᠠᠭ᠎ᠠ ᠲᠠᠢ ᠪᠠᠷ ᠮᠠᠰᠢᠨ ᠴᠠᠬᠢᠯᠭᠠᠨ ᠬᠤᠳᠳᠤᠭ᠂ ᠭᠤᠤᠯ ᠪᠣᠯᠬᠤ ᠬᠤᠭᠤᠯᠠᠶ᠂ ᠤᠰᠤ ᠬᠠᠳᠠᠭᠠᠯᠠᠬᠤ ᠴᠥᠭᠦᠷᠥᠮ ᠵᠢᠴᠢ ᠨᠡᠭᠡᠯᠡᠬᠡᠶ ᠬᠤᠳᠳᠤᠭ᠂ ᠣᠯᠠᠨ ᠨᠡᠶᠢᠲᠡ ᠶᠢᠨ ᠤᠰᠤ ᠬᠠᠩᠭᠠᠬᠤ ᠴᠡᠭ ᠵᠡᠷᠭᠡ ᠤᠰᠤ ᠬᠠᠩᠭᠠᠬᠤ ᠪᠡᠯᠡᠳᠬᠡᠮᠵᠢ ᠶᠢ ᠲᠣᠭᠤᠷᠢᠨ ᠪᠠᠶᠢᠴᠠᠭᠠᠵᠤ᠂ ᠠᠰᠠᠭᠤᠳᠠᠯ ᠪᠠᠶᠢᠬᠤ ᠶᠢ ᠣᠯᠵᠤ ᠮᠡᠳᠡᠪᠡᠯ ᠴᠠᠭ ᠲᠤᠬᠠᠶ ᠳᠤᠨᠢ ᠰᠡᠯᠪᠢᠨ ᠵᠠᠰᠠᠬᠤ᠂ ᠰᠣᠯᠢᠬᠤ ᠵᠡᠷᠭᠡ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠲᠣᠰᠬᠤᠨ᠂ ᠳᠤᠭᠤᠶᠢᠯᠠᠩ ᠵᠢᠴᠢ ᠤᠰᠤ ᠬᠡᠷᠡᠭᠯᠡᠬᠦ ᠡᠷᠦᠬᠡ ᠶᠢ ᠵᠣᠬᠢᠶᠠᠨ ᠪᠠᠶᠢᠭᠤᠯᠤᠨ ᠰᠠᠯᠪᠤᠷᠢ ᠬᠤᠭᠤᠯᠠᠢ ᠵᠢᠴᠢ ᠰᠠᠯᠪᠤᠷᠢ ᠬᠤᠭᠤᠯᠠᠢ ᠠᠴᠠ ᠳᠣᠷᠣᠭᠰᠢᠬᠢ ᠪᠠᠷᠢᠯᠭ᠎ᠠ ᠶᠢ ᠬᠠᠮᠠᠭᠠᠯᠠᠨ ᠬᠠᠮᠢᠶᠠᠷᠬᠤ ᠶᠢ ᠬᠠᠷᠢᠭᠤᠴᠠᠵᠤ᠂ ᠤᠰᠤ ᠬᠡᠷᠡᠭᠯᠡᠬᠦ ᠡᠷᠦᠬᠡ ᠶᠢᠨ ᠤᠰᠤᠨ ᠤ ᠰᠦᠢᠳᠬᠡᠯ ᠢ ᠬᠤᠷᠢᠶᠠᠵᠤ᠂ ᠤᠰᠤ ᠬᠠᠩᠭᠠᠬᠤ ᠲᠥᠬᠦᠭᠡᠷᠦᠮᠵᠢ ᠶᠢᠨ ᠠᠷᠢᠭᠤᠨ ᠴᠡᠪᠡᠷ ᠢ ᠬᠠᠮᠠᠭᠠᠯᠠᠵᠤ᠂ ᠤᠯᠠᠨ ᠲᠦᠮᠡᠨ ᠤ ᠬᠢᠨᠠᠯᠲᠠ ᠶᠢ ᠬᠦᠯᠢᠶᠡᠨ᠎ᠡ᠃    ᠲᠠᠶᠢᠯᠪᠤᠷᠢ᠄ ᠡᠯ᠎ᠡ ᠬᠠᠷᠢᠭᠤᠴᠠᠯᠭᠠᠲᠠᠨ ᠬᠡᠷᠪᠡ ᠬᠤᠪᠢᠷᠠᠯᠲᠠ ᠭᠠᠷᠪᠠᠯ᠂ ᠡᠭᠦᠷᠭᠡᠯᠡᠭᠴᠢ ᠨᠢ ᠥᠪᠡᠷ ᠢᠶᠠᠨ ᠨᠥᠬᠦᠵᠦ᠂ ᠳᠠᠬᠢᠵᠤ ᠠᠰᠲᠠᠭᠠᠨ ᠪᠢᠴᠢᠭ ᠮᠠᠲ᠋ᠧᠷᠢᠶᠠᠯ ᠶᠠᠪᠤᠭᠤᠯᠬᠤ ᠦᠭᠡᠶ᠃
 
ᠢᠷᠡᠯᠲᠡ᠄ ᠵᠢᠨᠢᠩ ᠲᠣᠭᠣᠷᠢᠭ ᠤᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2