2025 ᠣᠨ ᠳᠤ ᠵᠢᠨᠢᠩ ᠲᠣᠭᠤᠷᠢᠭ ᠤᠨ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠤᠨ ᠪᠠᠷᠢᠯᠭ᠎ᠠ ᠶᠢᠨ ᠠᠵᠢᠯ ᠤᠨ ᠬᠢᠨᠠᠨ ᠬᠠᠮᠢᠶᠠᠷᠬᠤ ᠨᠢᠭᠡᠴᠡ ᠪᠠ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠺᠣᠮᠫᠠᠨᠢ ᠶᠢᠨ ᠢᠯᠡ ᠪᠠᠷ ᠰᠣᠩᠭᠤᠨ ᠬᠡᠷᠡᠭᠯᠡᠬᠦ ᠠᠯᠪᠠᠨ ᠵᠠᠷ
ᠨᠡᠶᠢᠲᠡᠯᠡᠭᠰᠡᠨ ᠴᠠᠭ᠄
2025/5/15
      ︽2025 ᠣᠨ ᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠣᠪᠴᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠨᠥᠬᠦᠪᠥᠷᠢ ᠪᠠᠯᠠ ᠮᠥᠩᠭᠦ ︵ᠬᠤᠶᠠᠳᠤᠭᠠᠷ ᠪᠦᠯᠦᠭ︶ ᠶᠢᠨ ᠲᠥᠰᠦᠪ ᠢ ᠪᠠᠭᠤᠯᠭᠠᠬᠤ ᠲᠤᠬᠠᠶ ᠮᠡᠳᠡᠭᠳᠡᠯ︾ ︵ᠤᠯᠠᠭᠠᠨᠴᠠᠪ ᠵᠠᠰᠠᠭ ᠲᠠᠷᠢᠶᠠᠯᠠᠩ ﹇2020﹈ 312 ᠳ᠋ᠤᠭᠠᠷ ᠲᠣᠭᠠᠲᠤ︶᠂ ︽2025 ᠣᠨ ᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠨᠥᠬᠦᠪᠥᠷᠢ ᠪᠠᠯᠠ ᠮᠥᠩᠭᠦ ᠶᠢ ᠪᠠᠭᠤᠯᠭᠠᠬᠤ ᠲᠤᠬᠠᠶ ᠮᠡᠳᠡᠭᠳᠡᠯ︾ ︵ᠤᠯᠠᠭᠠᠨᠴᠠᠪ ᠵᠠᠰᠠᠭ ᠲᠠᠷᠢᠶᠠᠯᠠᠩ ﹇2020﹈ 313 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠶᠢ ᠪᠡᠶᠡᠯᠡᠭᠦᠯᠬᠦ ᠶᠢᠨ ᠲᠥᠯᠥᠭᠡ᠂ ᠮᠠᠨ ᠤ ᠨᠢᠭᠡᠴᠡ 2025 ᠣᠨ ᠤ ᠵᠢᠨᠢᠩ ᠲᠣᠭᠤᠷᠢᠭ ᠤᠨ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ 200 ᠲᠦᠮᠡᠨ ᠲᠥᠭᠦᠷᠢᠭ ᠪᠤᠯᠤᠨ᠎ᠠ᠃     ᠣᠳᠣ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠢᠨᠠᠨ ᠬᠠᠮᠢᠶᠠᠷᠬᠤ ᠬᠥᠬᠡᠭᠴᠢᠨ ᠲᠠᠰ ᠤᠨ ᠬᠢᠷᠢ ᠭᠡᠮ ᠠᠴᠠ ᠳᠡᠭᠡᠭᠰᠢᠬᠢ ᠬᠢᠨᠠᠨ ᠬᠠᠮᠢᠶᠠᠷᠬᠤ ᠺᠣᠮᠫᠠᠨᠢ᠂ ᠳᠠᠭᠠᠭᠠᠴᠢᠯᠠᠯᠲᠠ ᠵᠠᠷᠯᠠᠬᠤ ᠶᠢ ᠣᠷᠣᠯᠠᠬᠤ ᠺᠣᠮᠫᠠᠨᠢ ᠶᠢ ᠤᠷᠢᠵᠤ ᠵᠠᠷᠤᠳᠠᠯ ᠠᠪᠬᠤ ᠠᠷᠭ᠎ᠠ ᠮᠠᠶ᠋ᠢᠭ ᠢᠶᠠᠷ ᠦᠨ᠎ᠡ ᠮᠡᠳᠡᠭᠦᠯᠦᠨ᠎ᠡ᠃ ᠰᠠᠨᠠᠭ᠎ᠠ ᠲᠠᠢ ᠬᠥᠮᠦᠨ ᠪᠦᠬᠦᠨ 2025 ᠣᠨ ᠤ 5 ᠰᠠᠷ᠎ᠠ ᠶᠢᠨ 13 ᠤ ᠡᠳᠦᠷ ᠠᠴᠠ 2025 ᠣᠨ ᠤ 5 ᠰᠠᠷ᠎ᠠ ᠶᠢᠨ 20 ᠤ ᠡᠳᠦᠷ ᠤᠨ 18 ᠴᠠᠭ ᠠᠴᠠ ᠡᠮᠦᠨ᠎ᠡ ᠮᠡᠳᠡᠭᠦᠯᠬᠦ ᠬᠦᠰᠦᠨᠦᠭᠲᠦ ᠪᠠᠨ ᠵᠢᠨᠢᠩ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠲᠥᠪ ᠤᠨ B8 ᠳ᠋ᠤᠭᠠᠷ ᠠᠰᠠᠷ ᠤᠨ ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ 2 ᠳ᠋ᠤᠭᠠᠷ ᠠᠰᠠᠷ ᠤᠨ 255 ᠠᠯᠪᠠᠨ ᠬᠡᠷ ᠲᠤ ᠬᠦᠷᠭᠡᠨ᠎ᠡ᠂ ᠬᠠᠷᠢᠯᠴᠠᠬᠤ ᠤᠲᠠᠰᠤ᠄ 0474-8815105。

              ᠵᠢᠨᠢᠩ ᠲᠣᠭᠤᠷᠢᠭ ᠤᠨ ᠲᠠᠷᠢᠶᠠᠯᠠᠩ ᠠᠯ ᠠᠵᠤ ᠠᠬᠤᠢ ᠤᠰᠤᠨ

             ᠠᠰᠢᠭᠯᠠᠯᠲᠠ ᠶᠢᠨ ᠦᠢᠯᠡᠰ ᠤᠨ ᠬᠥᠭᠵᠢᠭᠦᠯᠦᠯᠲᠡ ᠶᠢᠨ ᠲᠥᠪ

                  2025 ᠣᠨ ᠤ 5 ᠰᠠᠷ᠎ᠠ ᠶᠢᠨ 13 ᠤ ᠡᠳᠦᠷ

 
ᠢᠷᠡᠯᠲᠡ᠄ ᠵᠢᠨᠢᠩ ᠲᠣᠭᠣᠷᠢᠭ ᠤᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2