ᠲᠣᠭᠤᠷᠢᠭ ᠤᠨ ᠵᠠᠰᠠᠭ ᠤᠨ ᠣᠷᠳᠣᠨ 2025 ᠣᠨ ᠤ 11 ᠳ᠋ᠤᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/5/23
     5 ᠳ᠋ᠤᠭᠠᠷ ᠰᠠᠷ᠎ᠠ ᠶᠢᠨ 19 ᠤ ᠡᠳᠦᠷ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ 11 ᠳ᠋ᠤᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃     ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠬᠡᠰᠡᠭ ᠮᠤᠵᠢ ᠣᠷᠣᠨ ᠬᠤᠲᠠ ᠶᠢᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ︽ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠦᠷᠢᠮ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠡᠷᠦᠩᠬᠡᠢ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠮᠠᠨ ᠤ ᠲᠣᠭᠤᠷᠢᠭ ᠤᠨ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠰᠦᠪᠡᠭᠴᠢᠯᠡᠵᠦ᠂ ᠥᠨᠳᠥᠷ ᠲᠦᠪᠰᠢᠨ ᠪᠦᠬᠦᠢ ᠲᠥᠯᠥᠪᠵᠢᠭᠦᠯᠭᠡ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃    ᠬᠤᠷᠠᠯ ᠠᠴᠠ᠂ ︽ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠤᠨ ᠲᠦᠷᠢᠮ︾ ᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠭᠦᠨᠵᠡᠭᠡᠶ ᠥᠷᠭᠡᠨ ᠳᠡᠯᠭᠡᠷ ᠤᠬᠠᠭᠤᠯᠵᠤ᠂ ᠡᠯ᠎ᠡ ᠵᠦᠶᠯ ᠤᠨ ᠲᠣᠭᠲᠠᠭᠠᠯ ᠢ ᠮᠠᠨ ᠤ ᠲᠣᠭᠤᠷᠢᠭ  ᠲᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠳᠡᠭᠡᠳᠦ ᠱᠠᠲᠤᠨ ᠤ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠵᠢᠴᠢ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠲᠠᠢ ᠬᠠᠷᠢᠴᠠᠭᠤᠯᠤᠨ᠂ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠰᠠᠶᠢᠵᠢᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠮᠥᠷᠳᠡᠨ ᠲᠣᠬᠢᠷᠠᠭᠤᠯᠬᠤ ᠶᠢ ᠴᠢᠩᠭᠠᠷᠠᠭᠤᠯᠤᠨ᠂ ᠳ᠋ᠤᠭᠠᠷ ᠬᠠᠰᠤᠬᠤ ᠬᠠᠮᠢᠶᠠᠷᠤᠯᠲᠠ ᠶᠢ ᠬᠡᠷᠡᠭᠵᠢᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠴᠢᠩᠭᠠᠳᠬᠠᠵᠤ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠤᠢ ᠰᠢᠭᠤᠢ ᠡᠪᠡᠰᠦ ᠪᠡᠯᠴᠢᠭᠡᠷ ᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ︾᠂ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠶᠢ ᠴᠢᠩᠭ᠎ᠠ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠲᠠᠬᠢᠨ ᠰᠢᠨ᠎ᠡ ᠳᠡᠭᠲᠡᠷ ᠲᠤ ᠭᠠᠷᠬᠤ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ  ᠭᠡᠪᠡ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃     ᠨᠠᠶᠢᠷᠠᠭᠤᠯᠤᠭᠴᠢ᠄ ᠸᠠᠩ ᠵᠢᠩ ᠵᠢᠩ᠂ ᠴᠢᠶᠣᠣ ᠮᠢᠨ ᠮᠢᠨ    ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠣᠷᠢᠭ ᠤᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2