5 ᠰᠠᠷ᠎ᠠ ᠶᠢᠨ 19 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠢᠨᠢᠩ | ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃ | ᠵᠠᠩ ᠶᠦᠩ ᠸᠧᠨ ᠤᠷᠢᠳ ᠬᠤᠵᠢᠳ ᠮᠠ ᠯᠢᠶᠠᠨ ᠴᠢᠦᠢ ᠰᠢᠶᠠᠩ ᠤᠨ ᠯᠢᠦ ᠬᠤᠤ ᠴᠢᠦᠢ ᠲᠣᠰᠬᠤᠨ ᠪᠣᠯᠤᠨ | ᠪᠠᠢ ᠬᠠᠢ ᠽᠢ ᠪᠠᠯᠭᠠᠰᠤᠨ ᠤ ᠬᠤᠸᠠᠩ ᠲᠤ ᠴᠠᠩ ᠲᠣᠰᠬᠤᠨ ᠳᠤ ᠬᠦᠷᠴᠦ᠂ ᠬᠠᠷᠢᠭᠤ ᠮᠡᠳᠡᠭᠦᠯᠦᠯᠲᠡ ᠰᠣᠨᠣᠰᠬᠤ᠂ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠡᠷᠦᠭᠡ ᠳᠤ ᠬᠦᠷᠴᠦ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ | ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠵᠢᠯ ᠳᠤ ᠱᠠᠭᠠᠷᠳᠠᠯᠭ᠎ᠠ ᠳᠤᠷᠠᠳᠴᠠᠢ᠃ | | ᠵᠠᠩ ᠶᠦᠩ ᠸᠧᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠵᠣᠯᠭᠠᠭᠤᠯᠬᠤ ᠡᠯ᠎ᠡ ᠵᠦᠢᠯ ᠤᠨ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠬᠢᠨᠠᠨ ᠬᠡᠮᠵᠢᠵᠦ ᠬᠠᠪᠰᠤᠷᠤᠨ | ᠲᠡᠳᠬᠦᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ | ᠦᠬᠡᠢ ᠪᠠᠶᠢᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ᠃ ᠬᠥᠳᠡᠭᠡ ᠲᠣᠰᠬᠤᠨ ᠤ ᠣᠨᠴᠠᠯᠢᠭ ᠪᠠ | ᠪᠣᠳᠠᠲᠤ ᠪᠠᠶᠢᠳᠠᠯ ᠳᠤ ᠰᠠᠭᠤᠷᠢᠯᠠᠵᠤ᠂ ᠬᠥᠭᠵᠢᠯᠲᠡ ᠶᠢᠨ ᠪᠠᠶᠢᠷᠢ ᠲᠣᠭᠲᠠᠭᠠᠯᠲᠠ ᠪᠠᠨ ᠲᠣᠳᠣᠷᠬᠠᠶᠢᠯᠠᠵᠤ᠂ | ᠬᠥᠭᠵᠢᠯᠲᠡ ᠶᠢᠨ ᠠᠷᠭ᠎ᠠ ᠵᠠᠮ ᠢᠶᠠᠨ ᠣᠨᠣᠪᠴᠢᠲᠠᠢ ᠣᠯᠵᠤ᠂ ᠤᠨᠴᠠᠯᠢᠬᠳᠤ ᠠᠵᠤ ᠦᠢᠯᠡᠰ ᠢ ᠶᠡᠬᠡᠪᠡᠷ | ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ | ᠬᠡᠷᠡᠭᠲᠡᠢ᠃ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠥᠳᠡᠭᠡ ᠲᠣᠰᠬᠤᠨ ᠤ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠢᠳᠡᠪᠬᠢᠲᠡᠢ ᠣᠷᠣᠯᠴᠠᠭᠤᠯᠵᠤ᠂ ᠬᠤᠭ | ᠨᠣᠪᠰᠢ ᠶᠢ ᠬᠤᠯᠠᠭᠠᠶᠢᠯᠠᠨ ᠬᠠᠶᠠᠬᠤ ᠠᠵᠢᠯᠯᠠᠭ᠎ᠠ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠶᠢ ᠴᠢᠩᠭᠠᠳᠬᠠᠵᠤ᠂ | ᠡᠷᠦᠬᠡ ᠶᠢᠨ ᠵᠣᠷᠯᠣᠩ ᠤᠨ ᠬᠤᠶᠢᠰᠢᠳᠠ ᠶᠢᠨ ᠬᠠᠮᠢᠶᠠᠷᠤᠯᠲᠠ ᠬᠠᠮᠠᠭᠠᠯᠠᠯᠲᠠ ᠶᠢ ᠴᠢᠩᠭᠠᠳᠬᠠᠵᠤ᠂ ᠤᠷᠳᠤ | ᠬᠤᠭᠤᠴᠠᠭᠠᠨ ᠤ ᠪᠦᠲᠦᠮᠵᠢᠲᠡᠢ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠵᠤ᠂ ᠢᠯᠡᠷᠡᠭᠦᠯᠦᠭᠰᠡᠨ ᠠᠰᠠᠭᠤᠳᠠᠯ ᠢ | ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ | ᠠᠪᠴᠤ ᠠᠰᠢᠭᠯᠠᠬᠤ᠂ ᠬᠤᠭ ᠨᠣᠪᠰᠢ ᠶᠢ ᠬᠤᠷᠢᠶᠠᠨ ᠴᠤᠭᠯᠠᠭᠤᠯᠵᠤ ᠰᠢᠯᠵᠢᠭᠦᠯᠦᠨ ᠵᠥᠭᠡᠭᠡᠪᠦᠷᠢᠯᠡᠬᠦ ᠵᠡᠷᠭᠡ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠤᠢ | ᠰᠢᠭᠤᠢ ᠡᠪᠡᠰᠦ ᠪᠡᠯᠴᠢᠭᠡᠷ ᠢ ᠰᠦᠢᠳᠬᠡᠬᠦ ᠶᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠬᠠᠮᠲᠤᠷᠠᠨ | ᠬᠠᠤᠯᠢ ᠬᠡᠷᠡᠭᠵᠢᠭᠦᠯᠬᠦ ᠵᠡᠷᠭᠡ ᠠᠵᠢᠯ ᠤᠨ ᠲᠣᠭᠲᠠᠴᠠ ᠶᠢ ᠴᠢᠩᠭᠠᠳᠬᠠᠵᠤ᠂ ᠴᠢᠩᠭ᠎ᠠ ᠴᠣᠬᠢᠯᠲᠠ ᠥᠭᠴᠦ ᠴᠢᠩᠭ᠎ᠠ | ᠰᠡᠷᠭᠡᠶᠢᠯᠡᠬᠦ ᠰᠦᠷ ᠬᠦᠴᠦᠲᠦ ᠪᠠᠶᠢᠳᠠᠯ ᠢ ᠦᠷᠭᠦᠯᠵᠢᠯᠡᠨ ᠪᠠᠲᠤᠯᠠᠬᠤ ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ | ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠮᠠᠯ ᠪᠡᠯᠴᠢᠭᠡᠷ ᠤᠨ ᠲᠤᠭ᠎ᠠ ᠬᠡᠮᠵᠢᠶ᠎ᠡ ᠶᠢ ᠵᠦᠶ | ᠵᠣᠬᠢᠰᠲᠠᠶ ᠲᠥᠯᠥᠪᠵᠢᠭᠦᠯᠵᠦ᠂ ᠳᠠᠭᠠᠭᠠᠴᠠ ᠠᠴᠠ ᠬᠡᠲᠦᠷᠡᠭᠦᠯᠦᠨ ᠮᠠᠯᠵᠢᠬᠤ ᠶᠢ ᠡᠷᠡᠰ ᠬᠤᠷᠢᠭᠯᠠᠬᠤ ᠬᠡᠷᠡᠭᠲᠡᠶ ᠭᠡᠪᠡ᠃ | | ᠸᠧᠨ ᠪᠢᠨ ᠣᠷᠣᠯᠴᠠᠪᠠ᠃ | | | ᠨᠠᠶᠢᠷᠠᠭᠤᠯᠤᠭᠴᠢ᠄ ᠸᠠᠩ ᠵᠢᠩ ᠵᠢᠩ᠂ ᠴᠢᠶᠣᠣ ᠮᠢᠨ ᠮᠢᠨ | ᠣᠷᠴᠢᠭᠤᠯᠤᠭᠴᠢ᠄ ᠳ᠋ᠥᠩ ᠾᠦᠢ | | |