5 ᠰᠠᠷ᠎ᠠ ᠶᠢᠨ 20 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠺᠠᠩ ᠬᠠᠶ ᠷᠦᠢ ᠮᠠᠨ ᠤ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ | ᠰᠢᠶᠤᠤ ᠳ᠋ᠦᠩ ᠲᠠᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠳᠤ᠂ ᠺᠠᠩ ᠬᠠᠢ ᠷᠦᠢ ᠪᠣᠬᠢᠷ ᠤᠰᠤ ᠶᠢ | ᠬᠤᠷᠢᠶᠠᠨ ᠴᠤᠭᠯᠠᠭᠤᠯᠬᠤ᠂ ᠤᠷᠢᠳᠴᠢᠯᠠᠨ ᠰᠢᠢᠳᠪᠦᠷᠢᠯᠡᠬᠦ᠂ ᠠᠮᠢᠳᠤ ᠪᠣᠳᠠᠰ ᠢ ᠰᠢᠢᠳᠪᠦᠷᠢᠯᠡᠬᠦ᠂ ᠭᠦᠨᠵᠡᠭᠡᠢ | ᠰᠢᠢᠳᠪᠦᠷᠢᠯᠡᠬᠦ ᠵᠡᠷᠭᠡ ᠡᠯ᠎ᠡ ᠭᠤᠭᠴᠤᠭ᠎ᠠ ᠶᠢᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ | ᠦᠵᠡᠵᠦ᠂ ᠪᠣᠬᠢᠷ ᠤᠰᠤ ᠰᠢᠢᠳᠪᠦᠷᠢᠯᠡᠬᠦ ᠤᠷ᠎ᠠ ᠮᠡᠷᠭᠡᠰᠢᠯ᠂ ᠰᠢᠢᠳᠪᠦᠷᠢᠯᠡᠬᠦ ᠴᠢᠳᠠᠪᠤᠷᠢ᠂ ᠡᠳᠦᠷ ᠲᠤᠳᠤᠮ ᠤᠨ | ᠠᠵᠢᠯᠯᠠᠭᠠᠨ ᠤ ᠲᠡᠮᠳᠡᠭᠯᠡᠯ ᠵᠢᠴᠢ ᠣᠷᠣᠵᠤ ᠭᠠᠷᠤᠭᠰᠠᠨ ᠤᠰᠤ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠵᠡᠷᠭᠡ | ᠵᠠᠩᠭᠢᠯᠠᠭ᠎ᠠ ᠶᠢᠨ ᠮᠡᠳᠡᠭᠡ ᠵᠠᠩᠭᠢ ᠶᠢ ᠨᠠᠷᠢᠨ ᠬᠢᠨᠠᠮᠠᠭᠠᠢ ᠰᠣᠨᠣᠰᠴᠠᠢ᠃ ᠲᠡᠷᠡ᠂ ᠪᠣᠬᠢᠷ ᠤᠰᠤ ᠶᠢ ᠰᠢᠢᠳᠪᠦᠷᠢᠯᠡᠬᠦ | ᠠᠵᠢᠯ ᠨᠢ ᠪᠥᠬᠦ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠪᠣᠯᠤᠨ ᠰᠠᠭᠤᠭᠠᠯᠢ ᠠᠷᠠᠳ ᠤᠨ ᠠᠮᠢᠳᠤᠷᠠᠯ ᠤᠨ | ᠶᠠᠰᠤ ᠴᠢᠨᠠᠷ ᠲᠠᠢ ᠰᠢᠭᠤᠳ ᠬᠤᠯᠪᠣᠭᠳᠠᠵᠤ ᠪᠠᠶᠢᠳᠠᠭ᠂ ᠪᠣᠬᠢᠷ ᠤᠰᠤ ᠶᠢ ᠰᠢᠢᠳᠪᠦᠷᠢᠯᠡᠬᠦ ᠤᠷ᠎ᠠ ᠮᠡᠷᠭᠡᠰᠢᠯ ᠢ | ᠦᠷᠭᠦᠯᠵᠢᠯᠡᠨ ᠰᠢᠯᠢᠳᠡᠭᠵᠢᠭᠦᠯᠵᠦ᠂ ᠰᠢᠢᠳᠪᠦᠷᠢᠯᠡᠬᠦ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ | ᠤᠰᠤ ᠭᠠᠷᠬᠤ ᠤᠰᠤᠨ ᠤ ᠴᠢᠨᠠᠷ ᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠬᠦ ᠶᠢ ᠦᠨᠡᠨ ᠬᠦ ᠪᠠᠲᠤᠯᠠᠬᠤ ᠬᠡᠷᠡᠭᠲᠡᠶ | ᠭᠡᠵᠦ ᠴᠢᠬᠤᠯᠠᠴᠢᠯᠠᠪᠠ᠃ ᠡᠭᠦᠨ ᠤ ᠬᠠᠮᠲᠤ᠂ ᠠᠮᠤᠷ ᠲᠦᠪᠰᠢᠨ ᠤ ᠡᠨᠡᠬᠦ ᠬᠥᠪᠴᠢ ᠶᠢ ᠴᠠᠭ ᠢᠮᠠᠭᠲᠠ | ᠴᠢᠩᠭᠠᠷᠠᠭᠤᠯᠵᠤ᠂ ᠦᠢᠯᠡᠳᠪᠦᠷᠢᠯᠡᠯ ᠤᠨ ᠶᠠᠪᠤᠴᠠ ᠶᠢᠨ ᠡᠯ᠎ᠡ ᠭᠤᠭᠴᠤᠭ᠎ᠠ ᠶᠢᠨ ᠠᠮᠤᠷ ᠲᠦᠪᠰᠢᠨ ᠤ ᠠᠵᠢᠯᠯᠠᠭᠠᠨ ᠤ | ᠵᠢᠷᠤᠮᠵᠢᠯ ᠳᠤ ᠴᠢᠩᠭ᠎ᠠ ᠨᠡᠶᠢᠴᠡᠬᠦ ᠶᠢ ᠪᠠᠲᠤᠯᠠᠵᠤ᠂ ᠪᠣᠬᠢᠷ ᠤᠰᠤ ᠶᠢ ᠰᠢᠢᠳᠪᠦᠷᠢᠯᠡᠬᠦ ᠠᠵᠢᠯ ᠤᠨ ᠠᠮᠤᠷ ᠲᠦᠪᠰᠢᠨ᠂ | ᠲᠣᠭᠲᠠᠭᠤᠨ᠂ ᠡᠮᠬᠢ ᠵᠢᠷᠤᠮ ᠲᠠᠢ ᠠᠵᠢᠯᠯᠠᠬᠤ ᠶᠢ ᠪᠠᠲᠤᠯᠠᠬᠤ ᠬᠡᠷᠡᠭᠲᠡᠢ᠃ | ᠺᠠᠩ ᠬᠠᠶ ᠷᠦᠢ ᠬᠥᠬᠡᠮᠳᠦᠭ ᠨᠣᠭᠤᠭᠠᠨ ᠠᠭᠤᠯᠠ ᠤᠰᠤ ᠰᠢᠶᠳᠪᠦᠷᠢᠯᠡᠬᠦ ᠦᠶᠯᠡᠳᠪᠦᠷᠢ ᠳᠤ ᠬᠦᠷᠴᠦ᠂ ᠠᠵᠤ | ᠦᠶᠯᠡᠳᠪᠦᠷᠢ ᠶᠢᠨ ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ | ᠨᠠᠷᠢᠨ ᠪᠠᠶᠢᠴᠠᠭᠠᠨ ᠦᠵᠡᠵᠦ᠂ ᠠᠵᠤ ᠦᠶᠯᠡᠳᠪᠦᠷᠢ ᠶᠢᠨ ᠬᠠᠶᠠᠭᠳᠠᠮᠠᠯ ᠤᠰᠤ ᠰᠢᠶᠳᠪᠦᠷᠢᠯᠡᠬᠦ ᠮᠡᠷᠭᠡᠵᠢᠯ ᠪᠠ ᠭᠠᠷ | ᠤᠷᠠᠯᠠᠯ ᠤᠨ ᠶᠠᠪᠤᠴᠠ ᠵᠢᠴᠢ ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠵᠡᠷᠭᠡ ᠬᠤᠯᠪᠣᠭᠳᠠᠯ ᠪᠥᠬᠦᠶ ᠪᠠᠶᠢᠳᠠᠯ ᠢ | ᠨᠠᠷᠢᠨ ᠠᠰᠠᠭᠤᠪᠠ᠃ ᠲᠡᠷᠡ᠂ ᠠᠵᠤ ᠦᠢᠯᠡᠳᠪᠦᠷᠢ ᠠᠵᠤ ᠠᠬᠤᠢ ᠶᠢᠨ ᠲᠦᠷᠭᠡᠨ ᠬᠥᠭᠵᠢᠯᠲᠡ ᠶᠢ ᠳᠠᠭᠠᠯᠳᠤᠨ᠂ | ᠠᠵᠤ ᠦᠢᠯᠡᠳᠪᠦᠷᠢ ᠶᠢᠨ ᠤᠰᠤ ᠬᠡᠷᠡᠭᠯᠡᠬᠦ ᠰᠢᠢᠳᠪᠦᠷᠢᠯᠡᠯᠲᠡ ᠶᠢᠨ ᠴᠢᠬᠤᠯᠠ ᠴᠢᠨᠠᠷ ᠪᠣᠯᠤᠨ ᠲᠤᠯᠭᠠᠮ ᠴᠢᠨᠠᠷ ᠡᠳᠦᠷ | ᠢᠷᠡᠬᠦᠶ᠎ᠡ ᠲᠤᠪᠤᠶᠢᠮ᠎ᠠ ᠪᠤᠯᠵᠤ ᠪᠠᠶᠢᠨ᠎ᠠ᠃ ᠪᠦᠲᠦᠭᠡᠨ ᠪᠠᠶᠢᠭᠤᠯᠤᠯᠲᠠ ᠶᠢᠨ ᠨᠢᠭᠡᠴᠡ ᠲᠦᠷᠦᠯ ᠵᠦᠢᠯ ᠤᠨ | ᠪᠠᠷᠢᠯᠭ᠎ᠠ ᠶᠢᠨ ᠠᠬᠢᠴᠠ ᠶᠢ ᠴᠢᠩᠭ᠎ᠠ ᠠᠩᠬᠠᠷᠴᠤ᠂ ᠪᠠᠷᠢᠯᠭ᠎ᠠ ᠶᠢᠨ ᠠᠮᠤᠷ ᠲᠦᠪᠰᠢᠨ ᠪᠣᠯᠤᠨ ᠪᠠᠷᠢᠯᠭ᠎ᠠ ᠶᠢᠨ ᠶᠠᠰᠤ | ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠦᠬᠦ ᠡᠬᠢ ᠪᠠᠶᠠᠯᠢᠭ ᠢ ᠲᠥᠪᠯᠡᠷᠡᠭᠦᠯᠵᠦ᠂ ᠠᠯᠢᠪᠠ ᠬᠦᠴᠦᠨ ᠢ | ᠳᠠᠶᠢᠴᠢᠯᠠᠵᠤ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠵᠤ᠂ | ᠲᠥᠪᠯᠡᠷᠡᠭᠦᠯᠦᠨ ᠪᠣᠭᠤᠮᠲᠠ ᠰᠢᠪᠲᠤᠯᠵᠤ᠂ ᠪᠠᠷᠢᠯᠭ᠎ᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ | ᠲᠦᠷᠦᠯ ᠵᠦᠢᠯ ᠢ ᠲᠦᠷᠭᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠠᠵᠤ ᠠᠬᠤᠶᠢᠯᠠᠯ ᠤᠨ | ᠦᠢᠯᠡᠳᠪᠦᠷᠢᠯᠡᠯ ᠳᠤ ᠲᠣᠭᠲᠠᠭᠤᠨ ᠤᠰᠤ ᠬᠡᠷᠡᠭᠯᠡᠬᠦ ᠪᠠᠲᠤᠯᠠᠭ᠎ᠠ ᠪᠠ ᠥᠨᠳᠥᠷ ᠪᠦᠲᠦᠮᠵᠢᠲᠡᠢ ᠪᠣᠬᠢᠷ ᠤᠰᠤ ᠶᠢ | ᠰᠢᠢᠳᠪᠦᠷᠢᠯᠡᠬᠦ ᠦᠢᠯᠡᠴᠢᠯᠡᠭᠡ ᠬᠠᠩᠭᠠᠬᠤ ᠬᠡᠷᠡᠭᠲᠡᠢ ᠭᠡᠪᠡ᠃ | ᠶᠠᠩ ᠶᠦᠩ ᠣᠷᠣᠯᠴᠠᠵᠠᠢ᠃ | | | ᠨᠠᠶᠢᠷᠠᠭᠤᠯᠤᠭᠴᠢ᠄ ᠸᠠᠩ ᠵᠢᠩ ᠵᠢᠩ᠂ ᠴᠢᠶᠣᠣ ᠮᠢᠨ ᠮᠢᠨ | ᠣᠷᠴᠢᠭᠤᠯᠤᠭᠴᠢ᠄ ᠳ᠋ᠥᠩ ᠾᠦᠢ | | |