5 ᠰᠠᠷ᠎ᠠ ᠶᠢᠨ 20 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠺᠠᠩ ᠬᠠᠶ ᠷᠦᠢ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠪᠠ ᠠᠶᠤᠯᠭᠦᠶ | ᠦᠢᠯᠡᠳᠪᠦᠷᠢᠯᠡᠯ ᠤᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ | ᠺᠠᠩ ᠬᠠᠢ ᠷᠦᠢ ᠤᠷᠢᠳ ᠬᠤᠵᠢᠳ ᠤᠯᠠᠭᠠᠨᠴᠠᠪ ᠤᠨ ᠳ᠋ᠦᠩ ᠯᠠᠢ ᠱᠦᠨ ᠮᠢᠬᠠᠨ ᠤ ᠵᠦᠢᠯ ᠢ ᠡᠳ᠋ᠰᠢᠭᠦᠯᠬᠦ | ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠩ ᠨᠢᠩ ᠢᠯᠴᠢ ᠴᠠᠬᠢᠯᠭᠠᠨ ᠤ ᠬᠢᠵᠠᠭᠠᠷᠲᠤ ᠺᠣᠮᠫᠠᠨᠢ᠂ ᠤᠯᠠᠭᠠᠨᠴᠠᠪ | ᠬᠤᠲᠠ ᠶᠢᠨ ᠲᠠᠢ ᠵᠢᠢ ᠡᠯᠧᠺᠲᠷᠣᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠲᠤ | ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠠᠵᠤ | ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠠᠶᠤᠯᠭᠦᠢ | ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠳᠤ ᠲᠤᠯᠭᠠᠷᠠᠭᠰᠠᠨ ᠠᠰᠠᠭᠤᠳᠠᠯ ᠢ | ᠲᠤᠬᠠᠢ ᠶᠢᠨ ᠲᠠᠯᠠᠪᠠᠢ ᠳᠤ ᠵᠣᠬᠢᠴᠠᠭᠤᠯᠤᠨ ᠰᠢᠢᠳᠪᠦᠷᠢᠯᠡᠬᠦ ᠶᠢᠨ ᠬᠠᠮᠲᠤ ᠠᠵᠤ ᠠᠬᠤᠶᠢᠯᠠᠯ ᠢ ᠢᠲᠡᠭᠡᠯ ᠵᠣᠷᠢᠭ ᠢᠶᠠᠨ | ᠪᠠᠲᠤᠳᠬᠠᠵᠤ᠂ ᠠᠵᠠ ᠲᠣᠬᠢᠶᠠᠯ ᠢ ᠠᠮᠵᠢᠵᠤ᠂ ᠬᠥᠭᠵᠢᠯᠲᠡ ᠪᠠᠨ ᠲᠦᠷᠭᠡᠳᠬᠡᠵᠦ᠂ ᠲᠠᠰᠤᠷᠠᠯᠲᠠ ᠦᠭᠡᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ ᠭᠡᠵᠦ ᠵᠣᠷᠢᠭᠵᠢᠭᠤᠯᠪᠠ᠃ | ᠺᠠᠩ ᠬᠠᠶ ᠷᠦᠢ ᠬᠡᠯᠡᠬᠦ ᠳᠡᠭᠡᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ | ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ | ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠦᠢᠯᠡᠴᠢᠯᠡᠵᠦ᠂ ᠠᠵᠤ ᠠᠬᠤᠶᠢᠯᠠᠯ ᠳᠤ ᠭᠦᠨᠵᠡᠭᠡᠶᠢᠷᠡᠨ ᠨᠡᠪᠲᠡᠷᠡᠯᠴᠡᠨ | ᠵᠣᠯᠭᠠᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ | ᠡᠵᠡᠮᠰᠢᠵᠦ᠂ ᠨᠠᠩ ᠶᠡᠭᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ᠠᠵᠤ ᠠᠬᠤᠶᠢᠯᠠᠯ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠶ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ | ᠰᠢᠯᠢᠳᠡᠭᠵᠢᠭᠦᠯᠵᠦ᠂ ᠡᠯᠧᠮᠧᠨ᠋ᠲ ᠤᠨ ᠪᠠᠲᠤᠯᠠᠭ᠎ᠠ ᠶᠢᠨ ᠦᠢᠯᠡᠴᠢᠯᠡᠭᠡ ᠶᠢ ᠴᠢᠩᠭᠠᠳᠬᠠᠵᠤ᠂ ᠠᠵᠤ ᠠᠬᠤᠶᠢᠯᠠᠯ ᠳᠤ | ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠵᠤ᠂ ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ᠃ ᠬᠤᠷᠢᠭ᠎ᠠ | ᠱᠤᠭᠤᠮ ᠤᠨ ᠰᠡᠳᠬᠢᠬᠦᠢ ᠶᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠢ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠠᠮᠤᠷ ᠲᠦᠪᠰᠢᠨ ᠤ | ᠬᠠᠮᠢᠶᠠᠷᠤᠯᠲᠠ ᠪᠣᠯᠤᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ | ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠥᠬᠦᠷᠡᠰᠢ ᠦᠭᠡᠢ ᠰᠠᠶᠢᠲᠤᠷ | ᠠᠳᠬᠤᠬᠤ ᠬᠡᠷᠡᠭᠲᠡᠢ ᠭᠡᠪᠡ᠃ | ᠯᠢ ᠵᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃ | | | ᠨᠠᠶᠢᠷᠠᠭᠤᠯᠤᠭᠴᠢ᠄ ᠸᠠᠩ ᠵᠢᠩ ᠵᠢᠩ᠂ ᠴᠢᠶᠣᠣ ᠮᠢᠨ ᠮᠢᠨ | ᠣᠷᠴᠢᠭᠤᠯᠤᠭᠴᠢ᠄ ᠳ᠋ᠥᠩ ᠾᠦᠢ | | |