5 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠰᠣᠶᠣᠯ ᠵᠢᠭᠤᠯᠴᠢᠯᠠᠯ | ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠲᠣᠭᠤᠷᠢᠭ ᠤᠨ | ᠤᠳᠬ᠎ᠠ ᠤᠷᠠᠯᠢᠭ ᠤᠨ ᠬᠢᠨ ᠤ ᠬᠤᠯᠪᠣᠭ᠎ᠠ ᠠᠴᠠ ᠭᠤᠤᠯᠯᠠᠨ ᠡᠷᠭᠢᠯᠡᠵᠦ᠂ ᠲᠣᠭᠤᠷᠢᠭ ᠤᠨ ᠰᠣᠶᠣᠯ ᠤᠨ ᠣᠷᠳᠣᠨ᠂ | ᠲᠣᠭᠤᠷᠢᠭ ᠤᠨ ᠤᠷᠠᠨ ᠵᠢᠷᠤᠭᠴᠢᠳ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠭᠰᠡᠨ ︽ᠤᠮᠠᠷᠠᠲᠤ ᠬᠢᠯᠢ | ᠨᠡᠶᠢᠯᠡᠵᠦ᠂ ᠥᠩᠭᠡ ᠢᠯᠭᠠᠷᠠᠭᠰᠠᠨ ᠵᠢᠷᠤᠭ - ᠠᠷᠪᠠᠨ ᠬᠥᠮᠦᠨ ᠤ ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ︾ | ᠨᠢ ᠲᠣᠭᠤᠷᠢᠭ ᠤᠨ ᠰᠣᠶᠣᠯ ᠤᠨ ᠣᠷᠳᠣᠨ ᠤ ᠦᠵᠡᠰᠬᠦᠯᠡᠩ ᠤᠨ ᠲᠢᠩᠬᠢᠮ ᠳᠤ ᠡᠬᠢᠯᠡᠪᠡ᠃ | ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ᠂ ᠤᠷᠠᠯᠢᠭ ᠤᠨ ᠪᠠᠭ᠋ᠠᠲᠠᠳ ᠨᠢᠭᠡ ᠲᠠᠩᠬᠢᠮ ᠳᠤ | ᠴᠤᠭᠯᠠᠷᠠᠵᠤ᠂ ᠪᠠᠷᠢᠨ ᠵᠣᠬᠢᠶᠠᠨ ᠪᠦᠲᠦᠭᠡᠪᠡ᠃ ᠲᠡᠳᠡ ᠵᠢᠷᠤᠭᠠᠰᠤ ᠵᠢᠷᠤᠵᠤ᠂ ᠡᠰᠡᠬᠦᠯ᠎ᠡ ᠥᠩᠭᠡ ᠪᠣᠳᠤᠭ | ᠲᠣᠬᠢᠷᠠᠭᠤᠯᠵᠤ᠂ ᠤᠳᠠᠯ ᠦᠭᠡᠢ ᠨᠢᠭᠡ ᠭᠤᠶᠢᠳᠠ ᠰᠠᠶᠢᠬᠠᠨ ᠵᠢᠷᠤᠭ ᠳᠦᠷᠰᠦ ᠠᠭᠠᠵᠢᠮ ᠢᠶᠠᠷ ᠡᠭᠦᠰᠦᠨ ᠭᠠᠷᠴᠤ᠂ | ᠠᠬᠤᠢ ᠲᠠᠯᠠᠪᠠᠢ ᠶᠢᠨ ᠠᠭᠤᠷ ᠠᠮᠢᠰᠭᠤᠯ ᠬᠥᠷ ᠬᠥᠭᠵᠢᠶᠡᠨ ᠲᠠᠢ ᠪᠠᠶᠢᠯ᠎ᠠ᠃ | ᠲᠣᠰ ᠤᠳᠠᠭᠠᠨ ᠤ ᠦᠵᠡᠰᠬᠦᠯᠡᠩ ᠨᠢ ᠬᠤᠶᠠᠷ ᠰᠠᠷ᠎ᠠ ᠶᠢᠨ ᠬᠤᠭᠤᠴᠠᠭ᠎ᠠ ᠲᠠᠢ ᠶᠠᠪᠤᠭᠳᠠᠵᠤ᠂ ᠮᠠᠨ ᠤ | ᠲᠣᠭᠤᠷᠢᠭ ᠤᠨ ᠠᠷᠪᠠᠨ ᠤᠷᠠᠯᠢᠭᠴᠢᠳ ᠤᠨ 122 ᠰᠣᠳᠣᠨ ᠪᠦᠲᠦᠭᠡᠯ ᠢ ᠬᠤᠷᠠᠮᠳᠤᠭᠤᠯᠵᠤ᠂ ᠲᠣᠰᠣᠨ ᠵᠢᠷᠤᠭ᠂ | ᠤᠰᠤᠨ ᠥᠩᠭᠡ᠂ ᠱᠤᠭ ᠵᠢᠷᠤᠭ᠂ ᠲᠦᠷᠭᠡᠨ ᠪᠢᠴᠢᠬᠦ ᠵᠡᠷᠭᠡ ᠣᠯᠠᠨ ᠲᠥᠷᠥᠯ ᠵᠦᠢᠯ ᠢ ᠬᠠᠮᠤᠷᠴᠠᠶ᠃ ᠪᠦᠲᠦᠭᠡᠯ ᠨᠢ | ︽ᠬᠤᠲᠠ ᠶᠢᠨ ᠢᠮ ᠲᠠᠮᠠᠭ᠎ᠠ︾᠂ ︽ᠲᠠᠯ᠎ᠠ ᠨᠤᠲᠤᠭ ᠤᠨ ᠮᠠᠯᠴᠢᠳ ᠤᠨ ᠳᠠᠭᠤᠤ︾᠂ ︽ᠤᠷᠠᠨ ᠳᠠᠷᠬᠠᠨ ᠤ | ᠤᠯᠠᠮᠵᠢᠯᠠᠯ︾ ᠵᠡᠷᠭᠡ ᠭᠤᠷᠪᠠᠨ ᠶᠡᠭᠡ ᠭᠤᠤᠯ ᠰᠡᠳᠦᠪᠲᠦ ᠠᠵᠢᠯᠯᠠᠭ᠎ᠠ ᠲᠡᠯᠭᠡᠷᠡᠭᠰᠡᠨ ᠢᠶᠠᠷ᠄ ︽ᠬᠤᠲᠠ ᠶᠢᠨ ᠲᠠᠮᠠᠭ᠎ᠠ | ︾ ᠨᠢ ᠬᠤᠲᠠ ᠶᠢᠨ ᠬᠥᠭᠵᠢᠯᠲᠡ ᠶᠢᠨ ᠶᠠᠪᠤᠴᠠ ᠳᠠᠬᠢ ᠬᠥᠮᠦᠨ ᠨᠡᠶᠢᠭᠡᠮ ᠤᠨ ᠦᠵᠡᠮᠵᠢ ᠶᠢ ᠠᠮᠢᠳᠤᠯᠢᠭ ᠢᠶᠠᠷ | ᠵᠢᠷᠤᠭᠯᠠᠵᠤ᠂ ᠣᠨ ᠰᠠᠷ᠎ᠠ ᠶᠢᠨ ᠬᠤᠪᠢᠷᠠᠯᠲᠠ ᠶᠢ ᠭᠡᠷᠡᠴᠢᠯᠡᠪᠡ︔ ︽ᠲᠠᠯ᠎ᠠ ᠨᠤᠲᠤᠭ ᠤᠨ ᠮᠠᠯᠴᠢᠳ ᠤᠨ ᠳᠠᠭᠤᠤ︾ | ᠨᠢ ᠨᠠᠷᠢᠯᠢᠭ ᠵᠢᠷᠤᠭ ᠢᠶᠠᠷ ᠲᠠᠯ᠎ᠠ ᠨᠤᠲᠤᠭ ᠤᠨ ᠰᠦᠷᠯᠢᠭ ᠰᠠᠶᠢᠬᠠᠨ ᠥᠩᠭᠡ ᠦᠵᠡᠮᠵᠢ ᠪᠠ ᠥᠪᠡᠷᠮᠢᠴᠡ ᠰᠣᠶᠣᠯ ᠢ | ᠵᠢᠷᠤᠭᠯᠠᠵᠤ᠂ ᠤᠮᠠᠷᠠᠲᠤ ᠬᠢᠯᠢ ᠶᠢᠨ ᠥᠷᠭᠡᠨ ᠠᠭᠤᠳᠠᠮ ᠵᠠᠩ ᠰᠤᠷᠲᠠᠯ ᠢ ᠭᠦᠢᠴᠡᠳ ᠬᠠᠷᠠᠭᠤᠯᠪᠠ︔ ︽ᠤᠷᠠᠨ | ᠳᠠᠷᠬᠠᠨ ᠤ ᠤᠯᠠᠮᠵᠢᠯᠠᠯ︾ ᠨᠢ ᠤᠯᠠᠮᠵᠢᠯᠠᠯᠲᠤ ᠭᠠᠷ ᠤᠷᠠᠯᠠᠯ ᠬᠢᠭᠡᠳ ᠣᠲᠣ ᠦᠶ᠎ᠡ ᠶᠢᠨ ᠰᠢᠨ᠎ᠡ ᠶᠢ ᠡᠭᠦᠳᠬᠦ | ᠠᠭᠤᠰᠤᠯᠴᠠᠯ ᠢ ᠤᠷᠠᠨ ᠢᠶᠠᠷ ᠢᠯᠡᠷᠡᠭᠦᠯᠵᠦ᠂ ᠰᠣᠶᠣᠯ ᠢ ᠤᠯᠠᠮᠵᠢᠯᠠᠨ ᠵᠠᠯᠭᠠᠮᠵᠢᠯᠠᠬᠤ ᠠᠮᠢᠵᠢᠷᠠᠯ ᠤᠨ ᠬᠦᠴᠦᠨ ᠢ | ᠢᠯᠡᠷᠡᠭᠦᠯᠪᠡ᠃ | ᠲᠣᠰ ᠤᠳᠠᠭᠠᠨ ᠤ ᠦᠵᠡᠰᠬᠦᠯᠡᠩ ᠢ ᠡᠷᠭᠢᠯᠡᠬᠦ ᠨᠢ ᠨᠤᠲᠤᠭ ᠤᠨ ᠤᠷᠠᠯᠢᠭᠴᠢᠳ ᠲᠤ ᠳᠡᠯᠭᠡᠨ ᠦᠵᠡᠭᠦᠯᠬᠦ | ᠲᠠᠪᠴᠠᠩ ᠬᠠᠩᠭᠠᠵᠤ᠂ ᠤᠮᠠᠷᠠᠲᠤ ᠬᠢᠯᠢ ᠶᠢᠨ ᠰᠣᠶᠣᠯ ᠤᠨ ᠠᠭᠤᠯᠤᠭᠳᠠᠬᠤᠨ ᠢ ᠠᠭᠤᠳᠠᠯᠤᠨ᠂ ᠰᠣᠶᠣᠯ | ᠤᠷᠠᠯᠢᠭ ᠤᠨ ᠠᠭᠤᠰᠤᠯᠴᠠᠯ ᠪᠠ ᠰᠢᠨ᠎ᠡ ᠶᠢ ᠡᠭᠦᠳᠬᠦ ᠶᠢ ᠠᠬᠢᠭᠤᠯᠬᠤ ᠶᠢᠨ ᠲᠥᠯᠥᠭᠡ ᠶᠤᠮ᠃ ᠡᠭᠦᠨ ᠤ ᠬᠠᠮᠲᠤ᠂ | ᠪᠠᠰᠠ ᠡᠲᠡᠭᠡᠷ ᠭᠤᠶᠢᠳᠠ ᠰᠠᠶᠢᠬᠠᠨ ᠪᠦᠲᠦᠭᠡᠯ ᠢᠶᠠᠷ ᠳᠠᠮᠵᠢᠭᠤᠯᠤᠨ᠂ ᠥᠷᠭᠡᠨ ᠣᠯᠠᠨ ᠬᠤᠲᠠ ᠶᠢᠨ ᠠᠷᠠᠳ ᠢ ᠮᠠᠨ ᠤ | ᠨᠤᠲᠤᠭ ᠤᠨ ᠰᠣᠶᠣᠯ ᠢᠶᠠᠨ ᠨᠠᠩ ᠢᠯᠡᠭᠦᠤ ᠣᠶᠢᠯᠠᠭᠠᠭᠤᠯᠵᠤ᠂ ᠬᠠᠶᠢᠷᠠᠯᠠᠵᠤ᠂ ᠣᠯᠠᠨ ᠤ ᠰᠠᠶᠢᠨ ᠰᠠᠶᠢᠬᠠᠨ | ᠠᠮᠢᠳᠤᠷᠠᠯ ᠤᠨ ᠬᠦᠰᠡᠯ ᠡᠷᠡᠮᠡᠯᠵᠡᠯ ᠪᠠ ᠬᠥᠭᠡᠭᠡᠴᠡᠯᠳᠦᠯ ᠢ ᠬᠥᠭᠵᠢᠭᠡᠬᠦ ᠶᠢ ᠬᠦᠰᠡᠵᠦ ᠪᠠᠶᠢᠨ᠎ᠠ᠃ | | | ᠣᠷᠴᠢᠭᠤᠯᠤᠭᠴᠢ᠄ ᠳ᠋ᠥᠩ ᠾᠦᠢ | | |