2024 ᠣᠨ ᠤ ᠵᠡᠮᠳᠡᠭᠴᠦᠳ ᠤᠨ ᠬᠠᠷᠢᠴᠠᠯ ᠢᠶᠠᠷ ᠠᠵᠢᠯ ᠣᠯᠭᠤᠭᠰᠠᠨ ᠪᠠᠶᠢᠳᠠᠯ ᠤᠨ ᠶᠣᠰᠣᠭᠠᠷ ᠰᠦᠯᠵᠢᠶᠡᠵᠢᠭᠦᠯᠦᠨ ᠭᠡᠷᠡᠴᠢᠯᠡᠬᠦ ᠠᠵᠢᠯ ᠢ ᠥᠷᠨᠢᠭᠦᠯᠬᠦ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2025/5/8
ᠡᠯ᠎ᠡ ᠬᠥᠮᠦᠨ ᠬᠡᠷᠡᠭᠯᠡᠬᠦ ᠨᠢᠭᠡᠴᠡ᠄      ︽ᠬᠠᠷᠢᠴᠠᠯ ᠶᠣᠰᠣᠭᠠᠷ ᠠᠵᠢᠯ ᠣᠯᠭᠤᠬᠤ ᠰᠦᠯᠵᠢᠶᠡᠨ ᠤ ᠭᠡᠷᠡᠴᠢᠯᠡᠯ ᠤᠨ ︿ᠮᠤᠵᠢ ᠠᠯᠤᠰᠯᠠᠨ ᠨᠡᠶᠢᠳᠡᠮ ᠭᠦᠢᠴᠡᠳᠬᠡᠬᠦ﹀ ᠠᠵᠢᠯ ᠤᠨ ᠬᠤᠯᠪᠣᠭᠳᠠᠯ ᠪᠥᠬᠦᠶ ᠵᠦᠢᠯᠡᠰ ᠢ ᠲᠣᠳᠣᠷᠬᠠᠶ ᠲᠣᠭᠲᠠᠭᠠᠬᠤ ᠲᠤᠬᠠᠶ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠣᠭ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠵᠡᠮᠳᠡᠭᠴᠦᠳ ᠤᠨ ᠬᠤᠯᠪᠣᠭ᠎ᠠ ᠶᠢᠨ ᠲᠢᠩᠬᠢᠮ ᠵᠠᠬᠢᠳᠠᠯ ︹2022︺ 63 ᠳ᠋ᠤᠭᠠᠷ ᠲᠣᠭᠠᠲᠤ︶ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ︾ ︵ᠥᠪᠥᠷ ᠵᠡᠮᠳᠡᠭᠴᠦᠳ ᠤᠨ ᠬᠤᠯᠪᠣᠭ᠎ᠠ ᠲᠠᠷᠬᠠᠭᠠᠭᠰᠠᠨ ﹇2020﹈ 20 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2024 ᠣᠨ ᠤ ᠵᠡᠮᠳᠡᠭᠴᠦᠳ ᠢ ᠬᠠᠷᠢᠴᠠᠯ ᠢᠶᠠᠷ ᠠᠵᠢᠯ ᠣᠯᠭᠤᠭᠰᠠᠨ ᠪᠠᠶᠢᠳᠠᠯ ᠤᠨ ᠶᠣᠰᠣᠭᠠᠷ ᠰᠦᠯᠵᠢᠶᠡᠵᠢᠭᠦᠯᠦᠨ ᠭᠡᠷᠡᠴᠢᠯᠡᠬᠦ ᠠᠵᠢᠯ ᠤᠨ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄     ᠨᠢᠭᠡ᠂ ᠬᠢᠨᠠᠨ ᠬᠠᠷᠭᠤᠭᠤᠯᠬᠤ ᠡᠲᠡᠭᠡᠳ     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ 2024 ᠣᠨ ᠳᠤ ᠵᠡᠮᠳᠡᠭᠴᠦᠳ ᠲᠤ ᠠᠵᠢᠯ ᠣᠯᠭᠤᠬᠤ ᠲᠥᠷᠥ ᠶᠢᠨ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠪᠣᠯᠣᠨ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠢ ᠵᠡᠷᠭᠡ ᠬᠥᠮᠥᠨ ᠬᠡᠷᠡᠭᠯᠡᠬᠦ ᠨᠢᠭᠡᠴᠢ ︵ᠳᠣᠷᠣᠭᠰᠢ ᠬᠥᠮᠥᠨ ᠬᠡᠷᠡᠭᠯᠡᠬᠦ ᠨᠢᠭᠡᠴᠢ ᠭᠡᠵᠦ ᠲᠣᠪᠴᠢᠯᠠᠨ᠎ᠠ︶ ᠶᠢ ᠲᠣᠬᠢᠷᠠᠭᠤᠯᠤᠨ᠎ᠠ᠃    ᠬᠤᠶᠠᠷ᠂ ᠬᠢᠨᠠᠨ ᠬᠠᠷᠭᠤᠭᠤᠯᠬᠤ ᠴᠠᠭ ᠬᠤᠭᠤᠴᠠᠭ᠎ᠠ   2025 ᠣᠨ ᠤ 3 ᠰᠠᠷ᠎ᠠ ᠶᠢᠨ 1 ᠤ ᠡᠳᠦᠷ ᠠᠴᠠ 2025 ᠣᠨ ᠤ 10 ᠰᠠᠷ᠎ᠠ ᠶᠢᠨ 31 ᠤ ᠡᠳᠦᠷ ᠪᠣᠯᠲᠠᠯ᠎ᠠ᠃      ᠭᠤᠷᠪᠠ᠂ ᠮᠡᠳᠡᠭᠦᠯᠬᠦ ᠠᠷᠭ᠎ᠠ ᠮᠠᠶ᠋ᠢᠭ      ︵ᠨᠢᠭᠡ︶  ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠦᠨ᠎ᠡ᠄ ᠬᠥᠮᠦᠨ ᠬᠡᠷᠡᠭᠯᠡᠬᠦ ᠨᠢᠭᠡᠴᠡ ᠶᠢᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠰᠢᠰᠲ᠋ᠧᠮ ᠤᠨ ᠭᠦᠢᠴᠡᠳᠭᠡᠬᠦ ᠴᠤᠪᠤᠷᠠᠯ ︵ᠠᠵᠤ ᠠᠬᠤᠶᠢᠯᠠᠯ ᠤᠨ ᠠᠵᠢᠯᠯᠠᠬᠤ ᠦᠵᠦᠭᠦᠷ︶ ᠤᠨ ᠨᠢᠭᠡᠳᠦᠭᠡᠷ ᠠᠯᠬᠤᠮ᠄ ᠢᠨᠲ᠋ᠧᠷ ᠰᠦᠯᠵᠢᠶ᠎ᠡ ᠳᠤ ︽ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶ᠎ᠡ︾ ᠶᠢ ᠰᠢᠭᠦᠨ᠎ᠡ ᠃ ᠬᠤᠶᠠᠳᠤᠭᠠᠷ ᠠᠯᠬᠤᠮ᠄ ᠳᠠᠩᠰᠠᠯᠠᠭᠤᠯᠬᠤ ᠪᠤᠶᠤ ᠳᠠᠩᠰᠠᠯᠠᠬᠤ ︵ᠳᠠᠩᠰᠠᠯᠠᠭᠤᠯᠬᠤ ᠪᠤᠶᠤ ᠳᠠᠩᠰᠠᠯᠠᠬᠤ ᠦᠶ᠎ᠡ ᠳᠤ ᠡᠷᠬᠡᠪᠰᠢ ᠬᠠᠤᠯᠢ ᠶᠢᠨ ᠡᠷᠬᠡᠲᠡᠨ ᠤ ᠲᠠᠩᠰᠠᠨ ᠤ ᠳ᠋ᠤᠭᠠᠷ ᠢ ᠬᠡᠷᠡᠭᠯᠡᠨ᠎ᠡ︶ ᠭᠤᠷᠪᠠᠳᠤᠭᠠᠷ ᠠᠯᠬᠤᠮ᠄ ᠬᠠᠷᠠᠭᠠᠯᠵᠠᠭᠰᠠᠨ ᠵᠠᠰᠠᠭ ᠵᠠᠬᠢᠷᠭᠠᠨ ᠤ ᠬᠤᠪᠢᠶᠠᠷᠢᠯᠠᠯ ᠢ ᠰᠣᠩᠭᠤᠨ᠎ᠠ ︵ᠨᠢᠭᠡᠴᠢ ᠶᠢᠨ ᠬᠠᠷᠢᠶ᠎ᠠ ᠵᠡᠮᠳᠡᠭᠴᠦᠳ ᠤᠨ ᠬᠤᠯᠪᠣᠭ᠎ᠠ ᠶᠢᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠰᠣᠩᠭᠤᠯᠲᠠ︶᠃ ᠳᠥᠷᠪᠡᠳᠦᠭᠡᠷ ᠠᠯᠬᠤᠮ᠄ ᠰᠢᠭᠤᠳ ᠨᠡᠪᠲᠡᠷᠡᠭᠦᠯᠬᠦ ᠰᠠᠯᠠᠭ᠎ᠠ ᠮᠥᠴᠢᠷ ᠢᠶᠠᠷ ᠳᠠᠮᠵᠢᠭᠤᠯᠤᠨ ︽ᠲᠣᠰ ᠱᠠᠲᠤᠨ ᠤ ᠵᠡᠮᠳᠡᠭᠴᠦᠳ ᠤᠨ ᠬᠤᠯᠪᠣᠭ᠎ᠠ︾ ᠶᠢ ᠡᠷᠢᠵᠦ ᠣᠯᠤᠨ᠎ᠠ᠃ ᠲᠠᠪᠤᠳᠤᠭᠠᠷ ᠠᠯᠬᠤᠮ ᠄ ᠵᠦᠢᠯᠡᠰ ᠢ ᠡᠷᠢᠵᠦ ᠣᠯᠵᠤ ︽ᠪᠥᠬᠦ ᠤᠯᠤᠰ ᠤᠨ ᠵᠡᠮᠳᠡᠭᠴᠦᠳ ᠤᠨ ᠬᠠᠷᠢᠴᠠᠯ ᠢᠶᠠᠷ ᠠᠵᠢᠯ ᠣᠯᠭᠤᠯᠲᠠ ᠶᠢᠨ ᠪᠠᠶᠢᠳᠠᠯ ᠢ ᠰᠦᠯᠵᠢᠶᠡᠨ ᠳᠤ ᠬᠤᠯᠪᠣᠵᠤ ᠭᠡᠷᠡᠴᠢᠯᠡᠭᠦᠯᠬᠦ︾ ᠪᠠᠷ ᠰᠦᠯᠵᠢᠶᠡᠨ ᠳᠡᠭᠡᠷ᠎ᠡ ᠭᠦᠢᠴᠡᠳᠬᠡᠨ᠎ᠡ᠃ ᠵᠢᠷᠭᠤᠳᠤᠭᠠᠷ ᠠᠯᠬᠤᠮ᠄ ᠰᠢᠰᠲ᠋ᠧᠮ ᠢ ᠦᠨᠳᠦᠰᠦᠯᠡᠨ ︽ᠪᠢ ᠭᠤᠶᠤᠴᠢᠯᠠᠨ ᠮᠡᠳᠡᠭᠦᠯᠬᠦ︾ ᠶᠢ ᠳᠣᠲᠣᠯᠠᠵᠤ᠂ ᠤᠷᠢᠳᠠᠪᠠᠷ ︽ᠨᠢᠭᠡᠴᠡ ᠶᠢᠨ ᠮᠡᠳᠡᠭᠡ ᠵᠠᠩᠭᠢ ᠶᠢ ᠬᠠᠮᠠᠭᠠᠯᠠᠬᠤ ᠬᠠᠮᠢᠶᠠᠷᠤᠯᠲᠠ︾ ᠶᠢ ᠬᠢᠵᠦ᠂ ᠳᠠᠷᠠᠭ᠎ᠠ ᠨᠢ ︽ᠵᠡᠮᠳᠡᠭᠴᠦᠳ ᠢ ᠲᠥᠪᠬᠢᠨᠡᠭᠦᠯᠬᠦ ᠬᠠᠮᠢᠶᠠᠷᠤᠯᠲᠠ︾ ᠶᠢ ᠭᠦᠢᠴᠡᠳᠬᠡᠵᠦ᠂ ᠰᠢᠰᠲ᠋ᠧᠮ ᠤᠨ ᠰᠠᠨᠠᠭᠤᠯᠤᠮᠵᠢ ᠶᠢᠨ ᠶᠣᠰᠣᠭᠠᠷ ᠲᠠᠭᠯᠠᠨ ᠮᠡᠳᠡᠭᠦᠯᠬᠦ ᠪᠠ ᠬᠠᠮᠢᠶ᠎ᠠ ᠪᠦᠬᠦᠢ ᠮᠠᠲ᠋ᠧᠷᠢᠶᠠᠯ ᠢ ᠳᠡᠭᠡᠭᠰᠢ ᠳᠠᠮᠵᠢᠭᠤᠯᠤᠨ᠎ᠠ᠃ ᠳᠣᠯᠣᠳᠤᠭᠠᠷ ᠠᠯᠬᠤᠮ᠄ ᠲᠥᠪᠬᠢᠨᠡᠭᠦᠯᠵᠦ ᠳᠠᠭᠤᠰᠤᠭᠰᠠᠨ ᠤ ᠳᠠᠷᠠᠭ᠎ᠠ ︽ᠭᠤᠶᠤᠴᠢᠯᠠᠨ ᠮᠡᠳᠡᠭᠦᠯᠬᠦ︾ ᠶᠢ ᠳᠣᠲᠣᠯᠠᠵᠤ᠂ ᠲᠥᠪᠬᠢᠨᠡᠭᠦᠯᠬᠦ ᠳᠠᠩᠰᠠᠯᠠᠯ ᠢ ᠪᠡᠶᠡᠯᠡᠭᠦᠯᠦᠨ᠎ᠡ᠃      ︵ᠬᠤᠶᠠᠷ︶ ᠴᠣᠩᠬᠤᠪᠴᠢ ᠪᠠᠷ ᠭᠦᠢᠴᠡᠳᠬᠡᠬᠦ᠄ ᠬᠥᠮᠦᠨ ᠬᠡᠷᠡᠭᠯᠡᠬᠦ ᠨᠢᠭᠡᠴᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢᠶᠠᠨ ᠠᠪᠴᠤ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠠᠷᠠᠭᠠᠯᠵᠠᠭᠰᠠᠨ ᠠᠳᠠᠯᠢ ᠱᠠᠲᠤᠨ ᠤ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠬᠦᠷᠴᠦ ᠭᠤᠶᠤᠴᠢᠯᠠᠨ ᠮᠡᠳᠡᠭᠦᠯᠵᠦ ᠪᠣᠯᠤᠨ᠎ᠠ᠃     ᠳᠥᠷᠪᠡ᠂  ᠪᠡᠯᠡᠳᠭᠡᠬᠦ ᠮᠠᠲ᠋ᠧᠷᠢᠶᠠᠯ     ︵ᠨᠢᠭᠡ︶ ᠰᠦᠯᠵᠢᠶ᠎ᠠ ᠪᠠᠷ ᠭᠦᠢᠴᠡᠳᠭᠡᠬᠦ    ᠬᠥᠮᠦᠨ ᠬᠡᠷᠡᠭᠯᠡᠬᠦ ᠨᠢᠭᠡᠴᠢ ᠶᠢᠨ ᠳᠠᠩᠰᠠᠯᠠᠭᠤᠯᠬᠤ ︵ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳ᠋ᠠᠶᠢᠲ᠋ᠠ ᠶᠢᠨ ᠬᠥᠮᠥᠷᠭᠡ  ᠳᠤ ᠪᠠᠶᠢᠭ᠎ᠠ ᠦᠭᠡᠢ ᠬᠡᠷᠡᠭᠯᠡᠭᠴᠢ ᠬᠡᠷᠡᠭᠰᠡᠨ᠎ᠡ︶᠂ ᠳᠠᠩᠰᠠᠯᠠᠬᠤ ᠰᠢᠰᠲ᠋ᠧᠮ ᠢ ᠲᠡᠮᠳᠡᠭᠯᠡᠭᠰᠡᠨ ᠤ ᠳᠠᠷᠠᠭ᠎ᠠ᠂ ᠰᠢᠰᠲ᠋ᠧᠮ ᠤᠨ ᠰᠠᠨᠠᠭᠤᠯᠤᠮᠵᠢ ᠪᠠᠷ ᠲᠠᠭᠯᠠᠨ ᠮᠡᠳᠡᠭᠦᠯᠬᠦ ᠪᠠ ᠬᠠᠮᠢᠶ᠎ᠠ ᠪᠦᠬᠦᠢ ᠮᠠᠲ᠋ᠧᠷᠢᠶᠠᠯ ᠢ ᠳᠡᠭᠡᠭᠰᠢ ᠳᠠᠮᠵᠢᠭᠤᠯᠤᠨ᠎ᠠ᠃     ︵ᠬᠤᠶᠠᠷ︶ ᠴᠣᠩᠬᠤ ᠪᠠᠷ ᠭᠦᠢᠴᠡᠳᠬᠡᠬᠦ    1. ᠮᠠᠲ᠋ᠧᠷᠢᠶᠠᠯ ᠤᠨ ᠦᠨᠡᠨ ᠪᠣᠳᠠᠲᠠᠶ ᠴᠢᠨᠠᠷ ᠢ ᠨᠤᠲᠠᠯᠠᠬᠤ ᠠᠮᠠᠯᠠᠯᠲᠠ ᠶᠢᠨ ᠪᠢᠴᠢᠭ᠃      2. ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠬᠥᠮᠦᠨ ᠤ ᠦᠨᠡᠮᠯᠡᠯ ᠪᠤᠶᠤ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠡᠮᠳᠡᠭ ᠴᠡᠷᠢᠭ ᠤᠨ ᠦᠨᠡᠮᠯᠡᠯ ︵1-8 ᠳᠡᠰ︶ ︵ᠰᠢᠰᠲ᠋ᠧᠮ ᠠᠴᠠ ᠲᠤᠭ᠎ᠠ ᠪᠠᠷᠢᠮᠲᠠ ᠶᠢ ᠬᠠᠷᠢᠴᠠᠭᠤᠯᠵᠤ ᠴᠢᠳᠠᠭᠰᠠᠨ ᠦᠭᠡᠢ ᠬᠡᠷᠡᠭᠯᠡᠭᠴᠢᠳ ᠬᠠᠩᠭᠠᠬᠤ ᠴᠢᠬᠤᠯᠠ ᠲᠠᠢ︶︔     3. ᠴᠠᠯᠢᠩ ᠤᠨ ᠭᠡᠷᠡᠴᠢ ᠪᠠᠷᠢᠮᠲᠠ ︵ᠬᠠᠷᠢᠴᠠᠭᠤᠯᠵᠤ ᠴᠢᠳᠠᠭᠰᠠᠨ ᠦᠭᠡᠢ ᠬᠡᠷᠡᠭᠯᠡᠭᠴᠢᠳ ᠬᠠᠩᠭᠠᠬᠤ ᠴᠢᠬᠤᠯᠠ ᠲᠠᠢ︶︔    4. ᠨᠡᠶᠢᠭᠡᠮ ᠤᠨ ᠳᠠᠭᠠᠳᠬᠠᠯ ᠤᠨ ᠭᠡᠷᠡᠴᠢ ᠪᠠᠷᠢᠮᠲᠠ ︵ᠬᠠᠷᠢᠴᠠᠭᠤᠯᠵᠤ ᠴᠢᠳᠠᠭᠰᠠᠨ ᠦᠭᠡᠢ ᠬᠡᠷᠡᠭᠯᠡᠭᠴᠢᠳ ᠬᠠᠩᠭᠠᠬᠤ ᠴᠢᠬᠤᠯᠠ ᠲᠠᠢ︶︔      5. ᠬᠥᠳᠡᠯᠮᠦᠷᠢ ᠶᠢᠨ ᠭᠡᠷ᠎ᠡ ᠪᠤᠶᠤ ᠨᠠᠶᠢᠷᠠᠭᠤᠯᠤᠨ ᠵᠣᠬᠢᠶᠠᠵᠤ ᠪᠠᠶᠢᠭ᠎ᠠ ᠭᠡᠷᠡᠴᠢᠯᠡᠯ᠃      6. ᠡᠮ ᠡᠮᠨᠡᠯᠭᠡ ᠶᠢᠨ ᠳᠠᠭᠠᠳᠬᠠᠯ ᠤᠨ ᠭᠡᠷᠡᠴᠢ ᠪᠠᠷᠢᠮᠲᠠ ︵ᠬᠠᠷᠢᠴᠠᠭᠤᠯᠵᠤ ᠴᠢᠳᠠᠭᠰᠠᠨ ᠦᠭᠡᠢ ᠬᠡᠷᠡᠭᠯᠡᠭᠴᠢᠳ ᠬᠠᠩᠭᠠᠬᠤ ᠴᠢᠬᠤᠯᠠ ᠲᠠᠢ︶︔    7. ᠬᠡᠷᠪᠡ ᠬᠤᠯᠪᠣᠭᠳᠠᠯ ᠪᠦᠬᠦᠢ ᠨᠢᠭᠡᠴᠢ ᠣᠷᠣᠰᠢᠵᠤ ᠪᠠᠶᠢᠪᠠᠯ᠂ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠬᠠᠩᠭᠠᠬᠤ ᠬᠡᠷᠡᠭᠲᠡᠶ︔    8. ᠵᠡᠮᠳᠡᠭᠴᠦᠳ ᠢ ᠭᠤᠶᠤᠴᠢᠯᠠᠨ ᠮᠡᠳᠡᠭᠦᠯᠵᠦ ᠬᠥᠳᠡᠯᠮᠦᠷᠢ ᠦᠶᠯᠡᠴᠢᠯᠡᠭᠡ ᠲᠣᠮᠢᠯᠠᠬᠤ ᠠᠷᠭ᠎ᠠ ᠮᠠᠶ᠋ᠢᠭ ᠲᠤ ᠠᠵᠢᠯ ᠣᠯᠭᠤᠨ ᠲᠣᠬᠢᠷᠠᠭᠤᠯᠪᠠᠯ᠂ ᠡᠷᠬᠡᠪᠰᠢ ᠬᠥᠳᠡᠯᠮᠦᠷᠢ ᠦᠶᠯᠡᠴᠢᠯᠡᠭᠡ ᠲᠣᠮᠢᠯᠠᠬᠤ ᠨᠢᠭᠡᠴᠡ ᠶᠢᠨ ᠡᠵᠡᠩᠨᠡᠯᠲᠡ ᠶᠢᠨ ᠦᠨᠡᠮᠯᠡᠯ᠂ ᠬᠥᠳᠡᠯᠮᠦᠷᠢ ᠦᠶᠯᠡᠴᠢᠯᠡᠭᠡ ᠲᠣᠮᠢᠯᠠᠬᠤ ᠡᠵᠡᠩᠨᠡᠯᠲᠡ ᠶᠢᠨ ᠵᠥᠪᠰᠢᠶᠡᠷᠡᠯ ᠤᠨ ᠦᠨᠡᠮᠯᠡᠯ᠂ ᠲᠣᠮᠢᠯᠠᠭᠰᠠᠨ ᠨᠢᠭᠡᠴᠢ ᠬᠢᠭᠡᠳ ᠠᠵᠢᠯᠴᠢᠨ ᠬᠡᠷᠡᠭᠯᠡᠬᠦ ᠨᠢᠭᠡᠴᠢ ᠲᠠᠢ ᠲᠣᠭᠲᠠᠭᠰᠠᠨ ᠬᠥᠳᠡᠯᠮᠦᠷᠢ ᠦᠶᠯᠡᠴᠢᠯᠡᠭᠡ ᠲᠣᠮᠢᠯᠠᠬᠤ ᠬᠡᠯᠡᠯᠴᠡᠭᠡᠷ᠂ ᠲᠣᠮᠢᠯᠠᠭᠰᠠᠨ ᠨᠢᠭᠡᠴᠢ ᠬᠢᠭᠡᠳ ᠵᠡᠮᠳᠡᠭᠴᠦᠳ ᠲᠠᠢ ᠲᠣᠭᠲᠠᠭᠰᠠᠨ ᠬᠥᠳᠡᠯᠮᠦᠷᠢ ᠶᠢᠨ ᠭᠡᠷ᠎ᠡ ᠪᠣᠯᠤᠨ ᠵᠡᠮᠳᠡᠭᠴᠦᠳ ᠤᠨ ᠬᠥᠳᠡᠯᠮᠦᠷᠢ ᠦᠶᠯᠡᠴᠢᠯᠡᠭᠡ ᠲᠣᠮᠢᠯᠠᠬᠤ ᠠᠵᠢᠯᠴᠢᠨ ᠢ ᠬᠡᠷᠡᠭᠯᠡᠬᠦ ᠭᠡᠷ᠎ᠡ ᠶᠢ ᠬᠠᠩᠭᠠᠬᠤ ᠬᠡᠷᠡᠭᠲᠡᠶ᠃      ᠲᠠᠪᠤ᠂ ᠬᠠᠮᠢᠶ᠎ᠠ ᠪᠦᠬᠦᠢ ᠲᠣᠳᠣᠷᠬᠠᠶᠢᠯᠠᠯᠲᠠ     ︵ᠨᠢᠭᠡ︶ 2024 ᠣᠨ ᠳᠤ ᠵᠡᠮᠳᠡᠭᠴᠦᠳ ᠲᠤ ᠠᠵᠢᠯ ᠣᠯᠭᠤᠭᠰᠠᠨ ᠬᠥᠮᠦᠨ ᠬᠡᠷᠡᠭᠯᠡᠬᠦ ᠨᠢᠭᠡᠴᠢ ᠶᠢ ᠬᠡᠷᠪᠡ ᠲᠣᠭᠲᠠᠭᠰᠠᠨ ᠬᠤᠭᠤᠴᠠᠭᠠᠨ ᠳᠤ ᠮᠡᠳᠡᠭᠦᠯᠦᠭᠰᠡᠨ ᠥᠬᠡᠶ ᠪᠠᠶᠢᠪᠠᠯ᠂ ᠵᠡᠮᠳᠡᠭᠴᠦᠳ ᠲᠤ ᠠᠵᠢᠯ ᠣᠯᠭᠤᠭᠰᠠᠨ ᠥᠬᠡᠶ ᠪᠠᠷ ᠦᠵᠡᠵᠦ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠲᠣᠭᠲᠠᠭᠠᠯ ᠶᠣᠰᠣᠭᠠᠷ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠶᠢ ᠲᠠᠲᠠᠪᠤᠷᠢᠯᠠᠨ᠎ᠠ︔ ᠵᠡᠮᠳᠡᠭᠴᠦᠳ ᠲᠤ ᠠᠵᠢᠯ ᠣᠯᠭᠤᠭᠰᠠᠨ ᠥᠬᠡᠶ ᠲᠣᠬᠢᠶᠠᠯᠳᠤᠯ ᠳᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠳᠤ ᠵᠡᠮᠳᠡᠭᠴᠦᠳ ᠲᠤ ᠠᠵᠢᠯ ᠣᠯᠭᠤᠬᠤ ᠪᠠᠲᠤᠯᠠᠭ᠎ᠠ ᠶᠢᠨ ᠮᠥᠩᠭᠦ ᠪᠠᠨ ᠰᠢᠭᠤᠳ ᠭᠤᠶᠤᠴᠢᠯᠠᠨ ᠮᠡᠳᠡᠭᠦᠯᠵᠦ ᠪᠣᠯᠤᠨ᠎ᠠ᠃     ︵ᠬᠤᠶᠠᠷ︶ ᠬᠥᠮᠦᠨ ᠬᠡᠷᠡᠭᠯᠡᠬᠦ ᠨᠢᠭᠡᠴᠡ ᠬᠠᠮᠢᠶ᠎ᠠ ᠪᠦᠬᠦᠢ ᠮᠡᠳᠡᠭᠡ ᠵᠠᠩᠭᠢ ᠪᠠᠨ ᠦᠨᠡᠨ ᠪᠣᠳᠠᠲᠠᠶ ᠪᠠᠷ ᠲᠠᠭᠯᠠᠨ ᠮᠡᠳᠡᠭᠦᠯᠬᠦ ᠶᠢᠨ ᠬᠠᠮᠲᠤ ᠬᠠᠩᠭᠠᠭᠰᠠᠨ ᠮᠠᠲ᠋ᠧᠷᠢᠶᠠᠯ ᠤᠨ ᠦᠨᠡᠨ ᠪᠣᠳᠠᠲᠠᠶ ᠬᠦᠴᠦᠨ ᠲᠡᠭᠦᠯᠳᠡᠷ ᠪᠠᠶᠢᠬᠤ ᠶᠢ ᠪᠠᠲᠤᠯᠠᠵᠤ ᠂ ᠮᠡᠳᠡᠭᠦᠯᠦᠭᠰᠡᠨ ᠮᠠᠲ᠋ᠧᠷᠢᠶᠠᠯ ᠳᠤ ᠲᠤᠰ ᠨᠢᠭᠡᠴᠡ ᠶᠢᠨ ᠲᠠᠮᠠᠭ᠎ᠠ ᠶᠢ ᠳᠠᠷᠤᠬᠤ ᠬᠡᠷᠡᠭᠲᠡᠶ᠃    ︵ᠭᠤᠷᠪᠠ︶ ᠬᠥᠮᠦᠨ ᠬᠡᠷᠡᠭᠯᠡᠬᠦ ᠨᠢᠭᠡᠴᠡ ᠭᠤᠶᠤᠴᠢᠯᠠᠨ ᠮᠡᠳᠡᠭᠦᠯᠦᠭᠡᠳ ᠪᠠᠲᠤᠯᠠᠭᠰᠠᠨ ᠤ ᠳᠠᠷᠠᠭ᠎ᠠ᠂ ᠠᠮᠠᠯᠠᠯᠲᠠ ᠪᠠᠨ ᠭᠦᠢᠴᠡᠳᠭᠡᠬᠦ ᠠᠴᠠ ᠡᠮᠦᠨ᠎ᠡ ᠵᠡᠮᠳᠡᠭᠴᠦᠳ ᠤᠨ ᠬᠠᠷᠢᠴᠠᠯ ᠢᠶᠠᠷ ᠠᠵᠢᠯ ᠣᠯᠤᠭᠰᠠᠨ ᠪᠠᠶᠢᠳᠠᠯ ᠢᠶᠠᠷ ᠢᠶᠠᠨ ᠰᠦᠯᠵᠢᠶ᠎ᠡ ᠬᠤᠯᠪᠣᠨ ᠭᠡᠷᠡᠴᠢᠯᠡᠬᠦ ᠰᠢᠰᠲ᠋ᠧᠮ ᠳᠤ ᠴᠠᠭ ᠲᠤᠬᠠᠶ ᠳᠤᠨᠢ ᠭᠠᠷᠴᠤ᠂ ᠮᠡᠳᠡᠭᠳᠡᠬᠦ ᠮᠡᠳᠡᠭᠡ ᠵᠠᠩᠭᠢ ᠣᠯᠵᠤ᠂ ᠭᠦᠢᠴᠡᠳᠭᠡᠬᠦ ᠪᠠᠶᠢᠳᠠᠯ ᠢ ᠣᠶᠢᠯᠠᠭᠠᠵᠤ ᠪᠣᠯᠤᠨ᠎ᠠ᠃ ᠨᠢᠭᠡᠨᠲᠡ ᠰᠢᠢᠳᠪᠦᠷᠢᠯᠡᠵᠦ ᠳᠠᠭᠤᠰᠬᠠᠭᠰᠠᠨ ᠪᠠᠶᠢᠪᠠᠯ᠂ ᠳᠠᠷᠤᠮᠠᠯᠯᠠᠬᠤ  ᠡᠯᠧᠺᠲᠷᠣᠨ ᠦᠨᠡᠮᠯᠠᠯ ᠤᠨ ᠪᠢᠴᠢᠭ ᠢ ᠪᠠᠭᠤᠯᠭᠠᠵᠤ ᠪᠣᠯᠤᠨ᠎ᠠ᠃     ︵ᠲᠦᠷᠪᠡ︶ ᠬᠥᠳᠡᠯᠮᠦᠷᠢ ᠬᠦᠴᠦᠨ ᠲᠣᠮᠢᠯᠠᠬᠤ ᠪᠠᠶᠢᠭᠤᠯᠤᠮᠵᠢ ᠨᠢ ᠣᠨᠳᠣᠤ ᠭᠠᠵᠠᠷ ᠤᠨ ᠬᠥᠳᠡᠯᠮᠦᠷᠢ ᠬᠦᠴᠦᠨ ᠲᠣᠮᠢᠯᠠᠬᠤ ᠲᠤᠬᠠᠶᠢᠯᠠᠭᠰᠠᠨ ᠠᠵᠢᠯ ᠢ ᠥᠷᠨᠢᠭᠦᠯᠬᠦ ᠳᠤ ᠤᠷᠢᠳᠠᠪᠠᠷ ᠲᠤᠬᠠᠶᠢᠯᠠᠭᠰᠠᠨ ᠠᠵᠢᠯ ᠤᠨ ᠥᠷᠨᠢᠭᠦᠯᠦᠭᠰᠡᠨ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠣᠯᠤᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠰᠠᠯᠠᠭ᠎ᠠ ᠮᠥᠴᠢᠷ ᠲᠤ ᠳᠠᠩᠰᠠᠯᠠᠭᠤᠯᠵᠤ ᠳᠠᠬᠢᠨ ᠰᠦᠯᠵᠢᠶᠡᠵᠢᠭᠦᠯᠦᠨ ᠭᠡᠷᠡᠴᠢᠯᠡᠭᠦᠯᠵᠦ ᠮᠡᠳᠡᠭᠦᠯᠬᠦ ᠬᠡᠷᠡᠭᠲᠡᠶ᠃
 
ᠢᠷᠡᠯᠲᠡ᠄ ᠵᠢᠨᠢᠩ ᠲᠣᠭᠣᠷᠢᠭ ᠤᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2