ᠥᠷᠯᠥᠭᠡ ᠡᠷᠲᠡ ᠶᠢᠨ ᠨᠠᠷᠠᠨ ᠤ ᠭᠡᠷᠡᠯ ᠡᠬᠡ ᠭᠠᠵᠠᠷ ᠢ ᠰᠡᠷᠭᠦᠭᠡᠬᠦ ᠦᠶ᠎ᠡ ᠳᠤ᠂ ᠬᠥᠳᠡᠯᠭᠡᠭᠡᠨ ᠬᠢᠵᠦ ᠪᠡᠶ᠎ᠡ | ᠪᠣᠯᠪᠠᠰᠤᠷᠠᠬᠤ ᠨᠢ ᠡᠳᠦᠷ ᠪᠦᠷᠢ ᠶᠢᠨ ᠠᠮᠢᠳᠤᠷᠠᠯ ᠢ ᠡᠬᠢᠯᠡᠭᠦᠯᠬᠦ ᠨᠢᠭᠡ ᠲᠦᠯᠬᠢᠭᠦᠷ ᠪᠣᠯᠵᠠᠢ᠃ ᠭᠡᠷ ᠤᠨ ᠡᠭᠦᠳᠡᠨ ᠳᠤ᠂ | ᠨᠠᠰᠤᠲᠠᠶᠢᠴᠤᠳ ᠡᠷᠲᠡ ᠪᠣᠰᠴᠤ ᠥᠷᠯᠥᠭᠡᠨ ᠤ ᠪᠣᠯᠪᠠᠰᠤᠷᠠᠯ ᠬᠢᠵᠦ᠂ ᠨᠥᠬᠦᠳ ᠤᠳ ᠠᠯᠬᠤᠭ᠎ᠠ ᠪᠠᠨ ᠠᠯᠬᠤᠵᠤ᠂ | ᠪᠥᠮᠪᠦᠭᠡ ᠶᠢᠨ ᠨᠠᠶᠢᠵᠠ ᠨᠠᠷ ᠬᠥᠯᠥᠰᠥ ᠪᠠᠨ ᠤᠷᠤᠰᠬᠠᠨ ᠭᠦᠶᠦᠵᠡᠭᠡᠨᠡ ᠁ ᠪᠦᠬᠦ ᠠᠷᠠᠳ ᠤᠨ ᠣᠷᠣᠯᠴᠠᠭ᠎ᠠ ︽ | ᠪᠡᠶ᠎ᠡ ᠴᠢᠭᠢᠷᠠᠭᠵᠢᠭᠤᠯᠬᠤ ᠶᠡᠷᠦᠩᠬᠡᠢ ᠳᠠᠶᠢᠴᠢᠯᠠᠯᠲᠠ︾ ᠶᠠᠭ ᠵᠢᠨᠢᠩ ᠤᠨ ᠡᠬᠡ ᠭᠠᠵᠠᠷ ᠲᠤ ᠭᠠᠯ ᠳᠦᠷᠡᠯᠵᠡᠭᠦᠯᠵᠦ | ᠪᠠᠶᠢᠨ᠎ᠠ᠃ | ᠮᠠ ᠯᠢᠶᠠᠨ ᠴᠢᠦᠶ ᠰᠢᠶᠠᠩ ᠤᠨ ᠪᠡᠶ᠎ᠡ ᠴᠢᠭᠢᠷᠠᠭᠵᠢᠭᠤᠯᠬᠤ ᠶᠢᠨ ᠵᠢᠯᠣᠭᠤᠳᠣᠯᠭ᠎ᠠ ᠰᠢᠶᠠᠩ ᠤᠨ ᠵᠠᠰᠠᠭ ᠤᠨ | ᠣᠷᠳᠣᠨ ᠤ ᠳᠡᠷᠭᠡᠳᠡᠬᠢ ᠰᠣᠶᠣᠯ ᠤᠨ ᠲᠠᠯᠠᠪᠠᠶ ᠶᠢᠨ ᠪᠠᠷᠠᠭᠤᠨ ᠲᠠᠯ᠎ᠠ ᠳᠤ ᠵᠣᠭᠰᠣᠵᠤ᠂ ᠬᠡᠷ ᠳᠣᠲᠣᠷ᠎ᠠ ᠲᠤᠰᠬᠠᠶ | ᠮᠡᠷᠭᠡᠵᠢᠯ ᠤᠨ ᠳᠠᠭᠤ ᠬᠥᠭᠵᠢᠮ ᠪᠠ ᠬᠠᠷᠠᠭᠠᠨ ᠳᠠᠪᠲᠠᠮᠵᠢ ᠪᠠᠷ ᠰᠤᠷᠤᠯᠴᠠᠬᠤ ᠳᠤ ᠬᠡᠷᠡᠭᠰᠡᠬᠦ ᠦᠵᠡᠬᠦᠯᠦᠭᠦᠷ | ᠳᠣᠭᠢᠷᠠᠭᠤᠯᠵᠤ᠂ ᠡᠳᠦᠷ ᠪᠦᠷᠢ ᠲᠣᠰᠬᠤᠨ ᠤ ᠠᠷᠠᠳ ᠲᠤ ᠦᠨ᠎ᠡ ᠲᠥᠯᠥᠪᠦᠷᠢ ᠥᠬᠡᠶ ᠪᠠᠷ ᠨᠡᠭᠡᠭᠡᠯᠲᠡ ᠬᠢᠵᠦ᠂ | ᠵᠢᠯᠤᠭᠤᠳᠬᠤ ᠥᠷᠲᠡᠭᠡ ᠨᠢ ᠪᠡᠶ᠎ᠡ ᠴᠢᠭᠢᠷᠠᠭᠵᠢᠭᠤᠯᠬᠤ ᠪᠥᠵᠢᠭ ᠢᠶᠠᠷ ᠭᠤᠣᠯᠯᠠᠵᠤ᠂ ᠪᠥᠬᠦ ᠰᠢᠶᠠᠩ ᠤᠨ 9 | ᠲᠣᠰᠬᠤᠨ ︵ᠨᠡᠶᠢᠭᠡᠮ ᠲᠣᠭᠤᠷᠢᠭ︶ ᠤ 13 ᠡᠩᠨᠡᠭᠡ ᠪᠠᠶᠢᠵᠤ᠂ ᠨᠡᠶᠢᠲᠡ 670 ᠭᠠᠷᠤᠶ ᠬᠥᠮᠦᠨ ᠢ ᠳᠠᠶᠢᠴᠢᠯᠠᠨ | ᠣᠷᠣᠯᠴᠠᠭᠤᠯᠪᠠ᠃ | ᠥᠷᠲᠡᠭᠡᠨ ᠤ ᠳᠠᠷᠤᠭ᠎ᠠ ᠰᠢ ᠯᠸᠢ᠂ ᠮᠠ ᠯᠢᠶᠠᠨ ᠴᠢᠦᠶ ᠰᠢᠶᠠᠩ ᠤᠨ ᠪᠥᠵᠢᠭ ᠤᠨ ᠠᠩᠭᠢ ᠪᠥᠬᠦ | ᠲᠣᠭᠤᠷᠢᠭ ᠤᠨ ᠡᠯ᠎ᠡ ᠲᠥᠷᠥᠯ ᠤᠨ ᠰᠣᠶᠣᠯ ᠲᠠᠮᠢᠷ ᠤᠨ ᠠᠵᠢᠯᠯᠠᠭ᠎ᠠ ᠳᠤ ᠣᠯᠠᠨ ᠤᠳᠠᠭ᠎ᠠ ᠣᠷᠣᠯᠴᠠᠵᠤ᠂ ︽ | ᠭᠤᠷᠪᠠ ᠶᠢ ᠬᠥᠳᠡᠭᠡ ᠪᠠᠭᠤᠯᠭᠠᠬᠤ︾ ᠤᠷᠠᠨ ᠰᠠᠶᠢᠬᠠᠨ ᠤ ᠲᠣᠭᠯᠠᠯᠲᠠ ᠠᠴᠠ ᠥᠯᠵᠡᠶᠢᠲᠦ ᠡᠳᠦᠷ ᠤᠨ ᠶᠠᠩᠭᠠᠷ | ᠪᠥᠵᠢᠭ ᠤᠨ ᠲᠣᠭᠤᠷᠢᠨ ᠲᠣᠭᠯᠠᠯᠲᠠ ᠬᠦᠷᠲᠡᠯ᠎ᠡ ᠴᠥᠮ ᠲᠡᠳᠡᠨ ᠤ ᠪᠠᠷ᠎ᠠ ᠬᠠᠷᠠᠭᠳᠠᠨ᠎ᠠ᠃ ᠢᠷᠡᠭᠡᠳᠦᠢ ᠳᠤ ᠪᠢᠳᠡ | ᠣᠷᠣᠨ ᠨᠤᠲᠤᠭ ᠤᠨ ᠰᠣᠶᠣᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠯᠠᠨ ᠶᠠᠩᠵᠤ ᠶᠢᠨ ᠪᠡᠶ᠎ᠡ | ᠴᠢᠭᠢᠷᠠᠭᠵᠢᠭᠤᠯᠬᠤ ᠪᠥᠵᠢᠭ ᠢ ᠢᠳᠡᠪᠬᠢᠲᠡᠢ ᠪᠣᠯᠪᠠᠰᠤᠷᠠᠵᠤ᠂ ᠨᠡᠩ ᠡᠯᠪᠡᠭ ᠪᠠᠶᠠᠯᠢᠭ ᠲᠣᠭᠯᠠᠯᠲᠠ ᠪᠠᠷ ᠨᠡᠩ ᠶᠡᠭᠡ | ᠲᠠᠪᠴᠠᠩ ᠳᠤ ᠭᠠᠷᠴᠤ᠂ ᠬᠥᠳᠡᠭᠡ ᠲᠣᠰᠬᠤᠨ ᠤ ᠰᠣᠶᠣᠯ ᠤᠨ ᠠᠮᠢᠳᠤᠷᠠᠯ ᠢ ᠭᠡᠷᠡᠯᠳᠦᠬᠦᠯᠬᠦ ᠪᠣᠯᠤᠨ᠎ᠠ᠃ | ᠪᠸᠢ ᠭᠤᠸᠠᠨ ᠹᠠᠩ ᠨᠡᠶᠢᠭᠡᠮ ᠲᠤᠭᠤᠷᠢᠭ ᠤᠨ ᠪᠡᠶ᠎ᠡ ᠴᠢᠬᠢᠷᠠᠭᠵᠢᠭᠤᠯᠬᠤ ᠵᠢᠯᠤᠭᠤᠳᠬᠤ ᠦᠷᠲᠡᠭᠡ ᠶᠢᠨ | ᠫᠢᠩᠫᠠᠩ ᠪᠦᠮᠪᠦᠭᠡᠨ ᠤ ᠲᠠᠶᠢᠰᠠ ᠪᠠ ᠦᠳᠦᠨ ᠪᠦᠮᠪᠦᠭᠡ ᠶᠢᠨ ᠲᠠᠯᠠᠪᠤᠷ ᠨᠢ ᠬᠠᠯᠠᠭᠤᠮᠰᠤᠭ ᠬᠦᠳᠡᠯᠬᠡᠬᠡᠨ ᠤ ᠲᠤᠷ᠎ᠠ | ᠪᠠᠭ᠋ᠠᠳᠠᠳ ᠲᠤ ︽ᠡᠵᠡᠯᠡᠭᠳᠡᠵᠦ︾᠂ ᠪᠥᠮᠪᠦᠭᠡ ᠴᠣᠬᠢᠬᠤ ᠴᠡᠭᠡᠯᠬᠡᠨ ᠳᠠᠭᠤᠨ ᠪᠠ ᠪᠠᠶᠠᠷᠯᠠᠨ ᠢᠨᠢᠶᠡᠯᠴᠡᠬᠦ ᠳᠠᠭᠤᠨ | ᠠᠳᠡ ᠲᠡᠨᠳᠡ ᠦᠭᠡᠢ ᠰᠣᠨᠣᠰᠳᠠᠨ᠎ᠠ᠂ 72 ᠨᠠᠰᠤᠲᠠᠢ ᠮᠢᠶᠣᠤ ᠶᠢᠨ ᠯᠢᠶᠠᠩ ᠶᠠᠭ ᠪᠥᠮᠪᠦᠭᠡᠨ ᠨᠠᠶᠢᠵᠠ ᠲᠠᠢ ᠪᠠᠨ | ᠫᠢᠩᠫᠠᠩ ᠪᠥᠮᠪᠦᠭᠡ ᠶᠢᠨ ᠭᠠᠭᠴᠠᠭᠠᠷ ᠴᠣᠬᠢᠬᠤ ᠠᠵᠢᠯᠯᠠᠭ᠎ᠠ ᠬᠢᠵᠦ ᠪᠠᠶᠢᠨ᠎ᠠ᠃ ︽ᠭᠠᠭᠴᠠᠭᠠᠷ ᠲᠡᠮᠡᠴᠡᠬᠦ︾ | ᠪᠠᠶᠢᠭᠰᠠᠨ ᠠᠴᠠ ᠪᠠᠨ ︽ᠤᠯᠠᠨ ᠲᠦᠮᠡᠨ ᠬᠤᠯᠪᠣᠭᠠᠯᠠᠨ ᠬᠥᠳᠡᠯᠦᠯᠴᠡᠬᠦ︾ ᠬᠦᠷᠲᠡᠯ᠎ᠡ᠂ ᠵᠢᠵᠢᠭ ᠪᠥᠮᠪᠦᠭᠡ | ᠬᠤᠲᠠ ᠶᠢᠨ ᠠᠮᠢᠵᠢᠷᠠᠯ ᠤᠨ ᠬᠦᠴᠦᠨ ᠢ ᠬᠥᠳᠡᠯᠭᠡᠵᠦ᠂ ᠮᠢᠶᠣᠤ ᠶᠢᠨ ᠯᠢᠶᠠᠩ ᠢᠨᠢᠶᠡᠮᠰᠦᠭᠯᠡᠭᠰᠡᠭᠡᠷ᠄ ︽ᠤᠳᠤ | ᠬᠡᠳᠦᠨ ᠪᠥᠮᠪᠦᠭᠡ ᠨᠠᠭᠠᠳᠬᠤ ᠳᠤᠷᠠᠲᠠᠢ ᠨᠠᠶᠢᠵᠠ ᠲᠠᠢ ᠪᠠᠨ ᠡᠳᠦᠷ ᠪᠦᠷᠢ ᠪᠣᠯᠵᠣᠵᠤ ᠢᠷᠡᠵᠦ᠂ ᠨᠢᠭᠡ ᠴᠠᠭ ᠬᠠᠭᠠᠰ | ᠴᠣᠬᠢᠪᠠᠯ᠂ ᠪᠥᠮᠪᠥᠭᠡᠨ ᠮᠡᠷᠭᠡᠵᠢᠯ ᠰᠠᠶᠢᠵᠢᠷᠠᠵᠤ᠂ ᠪᠡᠶ᠎ᠡ ᠴᠤ ᠰᠠᠶᠢᠨ ᠪᠣᠯᠵᠤ ᠪᠠᠶᠢᠨ᠎ᠠ︾ ᠭᠡᠵᠦ ᠬᠡᠯᠡᠪᠡ᠃ | ᠵᠢᠨᠢᠩ ᠲᠣᠭᠤᠷᠢᠭ ᠤᠨ ᠦᠨᠳᠦᠰᠦᠨ ᠱᠠᠲᠤᠨ ᠤ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ | ᠦᠶᠯᠡᠴᠢᠯᠡᠭᠡᠨ ᠤ ᠰᠢᠰᠲ᠋ᠧᠮ ᠤᠨ ᠲᠠᠰᠤᠷᠠᠯᠲᠠ ᠥᠬᠡᠶ ᠲᠡᠭᠦᠯᠳᠡᠷᠵᠢᠬᠦ ᠶᠢ ᠳᠠᠭᠠᠯᠳᠤᠨ᠂ ᠡᠶᠢᠮᠦᠷᠬᠦ ︽ᠦᠨᠳᠦᠰᠦᠨ | ᠱᠠᠲᠤᠨ ᠳᠤ ᠣᠶᠢᠷᠠᠲᠤᠵᠤ᠂ ᠬᠥᠮᠦᠰ ᠤᠨ ᠬᠦᠷᠢᠶᠡᠯᠡᠯ ᠢ ᠤᠯᠬᠤ︾ ᠪᠡᠶ᠎ᠡ ᠴᠢᠭᠢᠷᠠᠭᠵᠢᠭᠤᠯᠬᠤ ᠵᠢᠯᠣᠭᠤᠳᠬᠤ | ᠥᠷᠲᠡᠭᠡ ᠨᠢᠭᠡᠨᠲᠡ 10 ᠶᠢ ᠪᠠᠶᠢᠭᠤᠯᠵᠤ᠂ ᠨᠢᠭᠡ ᠰᠢᠶᠠᠩ ᠨᠢᠭᠡ ᠪᠠᠯᠭᠠᠰᠤ᠂ 6 ᠨᠡᠶᠢᠭᠡᠮ ᠲᠣᠭᠤᠷᠢᠭ ᠪᠣᠯᠤᠨ 2 | ᠲᠠᠯᠠᠪᠤᠷ ᠣᠷᠳᠣᠨ ᠳᠤ ᠲᠠᠷᠬᠠᠵᠤ᠂ ᠥᠷᠲᠡᠭᠡ ᠴᠡᠭ ᠨᠢᠭᠡᠪᠦᠷᠢ ᠳᠤ ᠴᠥᠮ ᠨᠡᠶᠢᠭᠡᠮ ᠤᠨ ᠪᠡᠶ᠎ᠡ ᠶᠢᠨ ᠲᠠᠮᠢᠷ ᠤᠨ | ᠵᠢᠭᠠᠨ ᠵᠢᠯᠣᠭᠤᠳᠤᠭᠴᠢ ᠶᠢ ᠲᠣᠬᠢᠷᠠᠭᠤᠯᠵᠤ᠂ ᠪᠡᠶ᠎ᠡ ᠴᠢᠭᠢᠷᠠᠭᠵᠢᠭᠤᠯᠬᠤ ᠵᠢᠯᠣᠭᠤᠳᠬᠤ ᠥᠷᠲᠡᠭᠡ ᠨᠢᠭᠡᠨᠲᠡ | ᠰᠠᠭᠤᠭᠠᠯᠢ ᠠᠷᠠᠳ ᠤᠨ ︽ᠠᠰᠠᠷ ᠠᠴᠠ ᠪᠠᠭᠤᠮᠠᠭᠴᠠ ᠡᠳ᠋ᠯᠡᠬᠦ︾ ᠡᠷᠡᠭᠦᠯ ᠮᠡᠨᠳᠦ ᠶᠢᠨ ᠰᠢᠨ᠎ᠡ ᠪᠡᠯᠭᠡ ᠲᠡᠮᠳᠡᠭ | ᠪᠣᠯᠤᠭᠰᠠᠨ ᠪᠠᠶᠢᠨ᠎ᠠ᠃ ᠬᠥᠳᠡᠭᠡ ᠲᠣᠰᠬᠤᠨ ᠴᠤ ᠲᠡᠷᠡ᠂ ᠬᠤᠳᠠ ᠴᠤ ᠲᠡᠷᠡ᠂ ᠤᠯᠠᠮ ᠠᠴᠠ ᠤᠯᠠᠮ ᠤᠯᠠᠨ | ᠬᠥᠮᠦᠰ ᠶᠠᠭ ︽ᠪᠡᠶ᠎ᠡ ᠴᠢᠭᠢᠷᠠᠭᠵᠢᠭᠤᠯᠤᠭᠴᠢ︾ ᠠᠴᠠ ︽ᠡᠷᠡᠭᠦᠯ ᠮᠡᠨᠳᠦ ᠶᠢᠨ ᠦᠢᠯᠡᠳᠦᠯᠭᠡᠵᠢᠭᠦᠯᠦᠭᠴᠢ︾ ᠪᠤᠯᠵᠤ | ᠬᠤᠪᠢᠷᠠᠪᠠ᠃ ᠬᠥᠳᠡᠯᠭᠡᠭᠡᠨ ᠨᠢ ᠬᠦᠷᠦᠯᠴᠡᠬᠦ ᠪᠣᠯᠵᠤ᠂ ᠦᠨᠳᠦᠰᠦᠨ ᠱᠠᠲᠤᠨ ᠳᠤ ᠠᠵᠢᠯᠯᠠᠵᠤ ᠪᠠᠶᠢᠭ᠎ᠠ ︽ᠪᠡᠶ᠎ᠡ | ᠴᠢᠭᠢᠷᠠᠭᠵᠢᠭᠤᠯᠬᠤ ᠵᠢᠯᠣᠭᠤᠳᠬᠤ ᠥᠷᠲᠡᠭᠡ︾ ᠨᠢ ᠶᠠᠭ ᠡᠨᠡ ᠬᠤᠲᠠ ᠶᠢᠨ ᠵᠣᠯ ᠵᠢᠷᠭᠠᠯ ᠤᠨ ᠰᠠᠭᠤᠷᠢ ᠥᠩᠭᠡ ᠶᠢ | ᠰᠡᠮᠡᠬᠡᠷ ᠥᠭᠡᠷᠡᠴᠢᠯᠡᠨ ᠪᠢᠴᠢᠵᠦ ᠪᠠᠶᠢᠨ᠎ᠠ᠃ | ᠣᠷᠴᠢᠭᠤᠯᠤᠭᠴᠢ᠄ ᠳ᠋ᠥᠩ ᠾᠦᠢ | | |