ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠪᠥᠬᠦ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠬᠦᠴᠦᠨ ᠴᠢᠳᠠᠪᠤᠷᠢ ᠶᠢ ᠴᠢᠩᠭᠠᠳᠬᠠᠬᠤ ᠶᠢᠨ ᠲᠥᠯᠥᠭᠡ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠵᠢᠷᠤᠮᠵᠢᠭᠤᠯᠬᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠪᠡ᠃ ︽ᠵᠢᠨᠢᠩ | ᠲᠣᠭᠤᠷᠢᠭ ᠤᠨ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠲᠤᠰᠬᠠᠶ | ᠬᠢᠨᠠᠯᠲᠠ ᠲᠠᠯᠪᠢᠬᠤ ᠠᠵᠢᠯ ᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾ ᠵᠡᠷᠭᠡ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠣᠰᠣᠭᠠᠷ᠂ ᠳᠤᠷ᠎ᠠ ᠪᠠᠷ ᠢᠶᠠᠨ ᠰᠦᠶᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠲᠣᠷᠭᠠᠬᠤ᠂ | ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠪᠠᠶᠢᠴᠠᠭᠠᠨ ᠪᠢᠲᠡᠭᠦᠮᠵᠢᠯᠡᠬᠦ᠂ ᠲᠣᠭᠲᠠᠭᠠᠯ ᠠᠴᠠ ᠵᠥᠷᠢᠴᠡᠨ | ᠣᠨᠳᠣᠤ ᠭᠠᠵᠠᠷ ᠲᠤ ᠬᠠᠤᠯᠢ ᠬᠡᠷᠡᠭᠵᠢᠭᠦᠯᠬᠦ ᠪᠠ ᠨᠡᠶᠢᠲᠡᠮ ᠴᠢᠨᠠᠷᠲᠠᠶ ᠬᠠᠤᠯᠢ ᠬᠡᠷᠡᠭᠵᠢᠭᠦᠯᠬᠦ ᠵᠡᠷᠭᠡ ᠦᠶᠯᠡ | ᠠᠵᠢᠯᠯᠠᠭ᠎ᠠ ᠶᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠰᠠᠭᠤᠳᠠᠯ ᠤᠨ ᠰᠦᠪᠡᠭᠴᠢ ᠶᠢ ᠡᠮᠬᠢᠯᠡᠨ ᠲᠢᠭᠯᠡᠪᠡ᠃ | 4 ᠰᠠᠷ᠎ᠠ ᠶᠢᠨ 28 ᠤ ᠡᠳᠦᠷ᠂ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠬᠠᠤᠯᠢ ᠴᠠᠭᠠᠵᠠ ᠶᠢᠨ | ᠲᠣᠪᠴᠢᠶ᠎ᠠ 2025 ᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠭᠰᠡᠨ ᠲᠠᠩᠰᠠ ᠡᠪᠬᠡᠮᠡᠯ ᠢ ᠦᠨᠡᠯᠡᠨ | ᠪᠠᠶᠢᠴᠠᠭᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | ᠲᠣᠰ ᠤᠳᠠᠭᠠᠨ ᠤ ᠦᠨᠡᠯᠡᠨ ᠪᠠᠶᠢᠴᠠᠭᠠᠬᠤ ᠠᠵᠢᠯ ᠨᠢ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠤᠲᠠ ᠶᠢᠨ | ᠬᠠᠮᠢᠶᠠᠷᠤᠯᠲᠠ ᠶᠢᠨ ᠲᠣᠪᠴᠢᠶ᠎ᠠ ᠵᠡᠷᠭᠡ 14 ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠨᠢᠭᠡᠴᠡ ᠶᠢᠨ ᠬᠠᠤᠯᠢ | ᠲᠦᠷᠢᠮ ᠤᠨ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠬᠠᠤᠯᠢ ᠬᠡᠷᠡᠭᠵᠢᠭᠦᠯᠬᠦ ᠲᠤᠬᠠᠶᠢᠯᠠᠭᠰᠠᠨ ᠠᠵᠢᠯ ᠤᠨ | ᠭᠤᠤᠯᠯᠠᠭᠴᠢ ᠬᠦᠴᠦᠨ 22 ᠬᠥᠮᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ | ᠲᠠᠯᠪᠢᠬᠤ ᠠᠯᠪᠠᠨ ᠬᠡᠷ ᠤᠨ ᠠᠵᠢᠯᠲᠠᠳ ᠲᠠᠢ ᠬᠠᠮᠲᠤ ᠪᠠᠷ ᠦᠨᠡᠯᠡᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ | 2024 ᠣᠨ ᠳᠤ ᠨᠢᠭᠡᠨᠲᠡ ᠰᠢᠢᠳᠪᠦᠷᠢᠯᠡᠵᠦ ᠳᠠᠭᠤᠰᠬᠠᠭᠰᠠᠨ ᠵᠠᠰᠠᠭ ᠵᠠᠬᠢᠷᠭᠠᠨ ᠤ ᠰᠢᠢᠳᠬᠡᠯ ᠤᠨ 36 ᠡᠪᠬᠡᠮᠡᠯ ᠢ | ᠰᠣᠩᠭᠤᠨ ᠠᠪᠴᠤ᠂ ︽ᠬᠠᠤᠯᠢ ᠬᠡᠷᠡᠭᠵᠢᠭᠦᠯᠬᠦ ᠭᠤᠤᠯ ᠴᠣᠭᠴᠠ᠂ ᠪᠣᠳᠠᠲᠤ ᠶᠠᠪᠤᠳᠠᠯ ᠢ ᠮᠠᠭᠠᠳᠯᠠᠨ ᠲᠣᠭᠲᠠᠭᠠᠬᠤ᠂ | ᠬᠠᠤᠯᠢ ᠴᠠᠭᠠᠵᠠ ᠶᠢ ᠬᠡᠷᠡᠭᠯᠡᠬᠦ᠂ ᠬᠠᠤᠯᠢ ᠬᠡᠷᠡᠭᠵᠢᠭᠦᠯᠬᠦ ᠲᠠᠰ ᠳᠠᠷᠠᠭᠠᠯᠠᠯ᠂ ᠡᠪᠬᠡᠮᠡᠯ ᠵᠣᠬᠢᠶᠠᠬᠤ︾ ᠵᠡᠷᠭᠡ ᠲᠠᠯ᠎ᠠ ᠪᠠᠷ | ᠨᠠᠷᠢᠨ ᠨᠢᠮᠪᠠᠶ ᠦᠨᠡᠯᠡᠨ ᠪᠠᠶᠢᠴᠠᠭᠠᠵᠤ᠂ ᠲᠤᠬᠠᠶ ᠶᠢᠨ ᠲᠠᠯᠠᠪᠠᠶ ᠳᠤ ᠵᠠᠳᠠᠯᠤᠨ ᠰᠢᠨᠵᠢᠯᠡᠵᠦ᠂ ᠦᠨᠡᠯᠡᠨ ᠪᠠᠶᠢᠴᠠᠭᠠᠵᠤ | ᠢᠯᠡᠷᠡᠭᠦᠯᠦᠭᠰᠡᠨ ᠬᠦᠴᠢᠷ ᠲᠦᠪᠡᠭᠲᠡᠶ ᠪᠤᠳᠤᠯᠢᠶᠠᠨᠲᠠᠶ ᠠᠰᠠᠭᠤᠳᠠᠯ ᠢ ᠰᠤᠳᠤᠯᠤᠨ ᠶᠠᠷᠢᠯᠴᠠᠬᠤ ᠶᠢᠨ ᠬᠠᠮᠲᠤ ᠦᠨᠡᠯᠡᠨ | ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠬᠠᠷᠢᠭᠤ ᠲᠤᠰᠬᠠᠬᠤ᠂ ᠱᠠᠯᠠᠪᠳᠠᠭᠤᠯᠬᠤ ᠪᠠ ᠵᠢᠯᠣᠭᠤᠳᠬᠤ ᠠᠵᠢᠯ ᠢ | ᠰᠠᠶᠢᠲᠤᠷ ᠬᠢᠪᠠ᠃ | ᠵᠢᠨᠢᠩ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠲᠣᠰ ᠤᠳᠠᠭᠠᠨ ᠤ ᠬᠡᠷᠡᠭ ᠤᠨ ᠡᠪᠬᠡᠮᠡᠯ ᠢ | ᠦᠨᠡᠯᠡᠨ ᠪᠠᠶᠢᠴᠠᠭᠠᠬᠤ ᠪᠠᠷ ᠠᠵᠠ ᠲᠣᠬᠢᠶᠠᠯ ᠪᠣᠯᠭᠠᠵᠤ᠂ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠭᠰᠠᠨ ᠦᠷ᠎ᠡ | ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠦᠨᠡᠯᠡᠨ ᠪᠠᠶᠢᠴᠠᠭᠠᠬᠤ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ | ᠴᠠᠭ ᠲᠤᠬᠠᠶ ᠳᠤᠨᠢ ᠬᠤᠷᠢᠶᠠᠩᠭᠤᠶᠢᠯᠠᠨ ᠵᠠᠳᠠᠯᠵᠤ᠂ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠶ ᠠᠵᠢᠯᠯᠠᠭ᠎ᠠ ᠶᠢᠨ ᠠᠵᠢᠯ ᠤᠨ ᠱᠠᠭᠠᠷᠳᠠᠯᠭ᠎ᠠ ᠶᠢ | ᠦᠨᠳᠦᠰᠦᠯᠡᠨ᠂ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠵᠦ᠂ ᠬᠤᠳᠠᠯᠳᠤᠭ᠎ᠠ ᠡᠷᠭᠢᠯᠡᠬᠦ ᠰᠠᠶᠢᠨ | ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠬᠤ ᠳᠤ ᠪᠠᠲᠤ ᠪᠠᠬᠢ ᠬᠠᠤᠯᠢ ᠪᠠᠷ ᠵᠠᠰᠠᠬᠤ ᠪᠠᠲᠤᠯᠠᠭ᠎ᠠ ᠬᠠᠩᠭᠠᠪᠠ᠃ | ᠣᠷᠴᠢᠭᠤᠯᠤᠭᠴᠢ᠄ ᠳ᠋ᠥᠩ ᠾᠦᠢ | | |