ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠶᠢ ᠢᠳᠡᠪᠬᠢᠲᠡᠶ ᠥᠷᠨᠢᠭᠦᠯᠪᠡ
ᠨᠡᠶᠢᠲᠡᠯᠡᠭᠰᠡᠨ ᠴᠠᠭ᠄
2025/6/5
     ᠤᠯᠤᠰ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠶᠢᠯᠳᠤᠬᠤ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠥᠯᠥᠪᠵᠢᠭᠦᠯᠭᠡ ᠵᠢᠴᠢ ᠠᠰᠢᠭ ᠣᠯᠵᠠᠪᠤᠷᠢ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 2025 ᠣᠨ ᠤ 5 ᠰᠠᠷ᠎ᠠ ᠶᠢᠨ 29 ᠤ ᠡᠳᠦᠷ ᠲᠣᠪᠴᠢᠶ᠎ᠠ ᠶᠢᠨ ᠪᠠᠶᠢᠭᠤᠯᠭ᠎ᠠ ᠶᠢᠨ ᠭᠤᠷᠪᠠᠳᠤᠭᠠᠷ ᠳᠠᠪᠬᠤᠷᠯᠢᠭ ᠤᠨ ᠬᠤᠷᠠᠯ ᠤᠨ ᠬᠡᠷ ᠲᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠷᠢᠮᠵᠢᠶ᠎ᠠ ᠶᠢ ᠲᠤᠤᠱᠯᠠᠭᠤᠯᠬᠤ ᠪᠣᠯᠪᠠᠰᠤᠷᠠᠭᠤᠯᠤᠯ ᠤᠨ ᠬᠤᠷᠠᠯ ᠡᠷᠭᠢᠯᠡᠵᠦ᠂ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠨᠢ ᠠᠵᠤ ᠠᠬᠤᠶᠢᠯᠠᠯ ᠢ ᠬᠠᠪᠰᠤᠷᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠢᠷᠤᠮᠵᠢᠭᠰᠠᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠲᠣᠰ ᠪᠡᠶ᠎ᠡ ᠶᠢᠨ ᠦᠨ᠎ᠡ ᠥᠷᠲᠡᠭ ᠢᠶᠠᠨ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠭᠤᠤᠯᠯᠠᠬᠤ ᠥᠷᠢᠰᠦᠯᠳᠦᠬᠦ ᠬᠦᠴᠦᠨ ᠢ ᠴᠢᠩᠭᠠᠷᠠᠭᠤᠯᠬᠤ ᠶᠢᠨ ᠲᠥᠯᠥᠭᠡ ᠶᠤᠮ᠃ ᠥᠪᠥᠷ ᠮᠣᠩᠭᠤᠯ ᠤᠨ ᠶᠠᠰᠤ ᠴᠢᠨᠠᠷ ᠬᠢᠭᠡᠳ ᠨᠠᠷᠠᠲᠤ ᠲᠡᠮᠳᠡᠭᠲᠦ ᠶᠢ ᠠᠬᠢᠭᠤᠯᠬᠤ ᠨᠡᠶᠢᠭᠡᠮᠯᠢᠭ ᠤᠨ ᠳᠡᠳ᠋ ᠳᠠᠷᠤᠭ᠎ᠠ ᠵᠣᠣ ᠶᠠᠨ ᠭᠤᠤᠯᠯᠠᠨ ᠶᠠᠷᠢᠵᠤ᠂ ᠬᠤᠲᠠ ᠲᠣᠭᠤᠷᠢᠭ ᠬᠤᠶᠠᠷ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶ᠎ᠠ ᠪᠥᠬᠦᠶ ᠠᠵᠢᠯᠲᠠᠨ᠂ ᠡᠯ᠎ᠡ ᠠᠵᠤ ᠠᠬᠤᠶᠢᠯᠠᠯ ᠤᠨ ᠲᠥᠯᠥᠭᠡᠯᠡᠭᠴᠢ ᠪᠣᠯᠪᠠᠰᠤᠷᠠᠯ ᠳᠤ ᠣᠷᠣᠯᠴᠠᠪᠠ᠃    ᠪᠣᠯᠪᠠᠰᠤᠷᠠᠭᠤᠯᠤᠯ ᠤᠨ ᠠᠭᠤᠯᠭ᠎ᠠ ᠳᠤ ︽ᠠᠵᠤ ᠠᠬᠤᠶᠢᠯᠠᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠵᠢᠷᠤᠮᠵᠢᠯ︾ ᠤᠯᠤᠰ ᠤᠨ ᠪᠠᠷᠢᠮᠵᠢᠶ᠎ᠠ ᠶᠢᠨ ᠲᠠᠶᠢᠯᠤᠮᠵᠢ᠂ ᠪᠠᠷᠢᠮᠵᠢᠶ᠎ᠠ ᠶᠢ ᠲᠤᠤᠱᠯᠠᠭᠤᠯᠬᠤ ᠠᠵᠢᠯ ᠤᠨ ᠴᠤᠪᠤᠷᠠᠯ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠠᠶᠢᠳᠠᠨ ᠬᠠᠮᠢᠶᠠᠷᠤᠭᠤᠯᠬᠤ ᠵᠡᠷᠭᠡ ᠭᠤᠤᠯ ᠠᠭᠤᠯᠭ᠎ᠠ ᠶᠢ ᠬᠠᠮᠤᠷᠤᠨ᠎ᠠ᠃ ᠲᠤᠰᠬᠠᠶ ᠮᠡᠷᠭᠡᠵᠢᠯᠲᠡᠨ ᠬᠡᠷᠡᠭ ᠤᠨ ᠵᠢᠱᠢᠶ᠎ᠡ ᠶᠢ ᠵᠠᠳᠠᠯᠬᠤ ᠪᠠᠷ ᠳᠠᠮᠵᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠷᠢᠮᠵᠢᠶ᠎ᠠ ᠶᠢ ᠲᠤᠤᠱᠯᠠᠭᠤᠯᠵᠤ ᠪᠠᠶᠢᠭ᠎ᠠ ᠠᠵᠤ ᠠᠬᠤᠶᠢᠯᠠᠯ ᠤᠨ ᠬᠥᠭᠵᠢᠯᠲᠡ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠪᠤᠷᠢᠯᠠᠪᠠ᠃ ᠬᠤᠷᠠᠯ ᠠᠴᠠ᠂ ᠮᠡᠳᠡᠯᠭᠡ ᠶᠢᠨ ᠦᠮᠴᠢᠯᠡᠯ ᠤᠨ ᠡᠷᠬᠡ ᠶᠢᠨ ᠪᠠᠷᠢᠮᠵᠢᠶ᠎ᠠ ᠶᠢ ᠲᠤᠭᠤᠰᠢᠯᠠᠭᠤᠯᠬᠤ ᠪᠣᠯ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠤᠷᠢ ᠪᠣᠯᠤᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢᠶᠠᠨ ᠳᠡᠭᠡᠭᠰᠢᠯᠡᠭᠦᠯᠬᠦ ᠴᠢᠬᠤᠯᠠ ᠠᠷᠭ᠎ᠠ ᠵᠠᠮ ᠪᠣᠯᠤᠨ᠎ᠠ᠃ ᠵᠢᠷᠤᠮᠵᠢᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠪᠠᠷ ᠳᠠᠮᠵᠢᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠬᠤ ᠶᠢ ᠠᠬᠢᠭᠤᠯᠵᠤ ᠪᠣᠯᠤᠨ᠎ᠠ᠃ ᠬᠤᠷᠠᠯ ᠠᠴᠠ᠂ ᠡᠯ᠎ᠡ ᠠᠵᠤ ᠠᠬᠤᠶᠢᠯᠠᠯ ᠤᠨ ᠬᠢᠨ ᠪᠠᠷᠢᠮᠵᠢᠶ᠎ᠠ ᠶᠢ ᠲᠤᠤᠱᠯᠠᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠤᠰᠬᠠᠢ ᠬᠥᠮᠦᠨ ᠵᠢᠭᠠᠨ ᠲᠣᠭᠲᠠᠭᠠᠵᠤ ᠬᠠᠷᠢᠭᠤᠴᠠᠭᠤᠯᠵᠤ᠂ ᠪᠠᠷᠢᠮᠵᠢᠶ᠎ᠠ ᠶᠢ ᠲᠤᠤᠱᠯᠠᠭᠤᠯᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠲᠥᠯᠥᠭᠡᠯᠡᠭᠴᠢ ᠨᠡᠶᠢᠲᠡ 30 ᠬᠥᠮᠦᠨ ᠪᠠᠶᠢᠵᠤ᠂ ᠭᠤᠤᠯᠳᠠᠭᠤ ᠵᠢᠨᠢᠩ ᠲᠣᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ︽ᠨᠣᠬᠠᠶ ᠶᠢᠨ ᠬᠤᠰᠢᠭᠤ ᠨᠣᠭᠤᠭ᠎ᠠ ᠲᠥᠮᠥᠰᠥ᠂ ᠠᠯᠠᠰᠢᠨ ᠦᠬᠡᠷ ᠠᠯᠠᠰᠢᠨ ᠬᠤᠨᠢ ᠰᠦ︾ ᠵᠢᠴᠢ ᠪᠤᠰᠤᠳ ᠮᠠᠨ ᠤ ᠲᠤᠭᠤᠷᠢᠭ ᠤᠨ ᠳᠠᠪᠠᠭᠤᠯᠢᠭ ᠠᠵᠤ ᠦᠢᠯᠡᠰ ᠤᠨ ᠭᠤᠤᠯᠳᠠᠯᠭ᠎ᠠ ᠲᠠᠢ ᠠᠵᠤ ᠠᠬᠤᠶᠢᠯᠠᠯ ᠤᠨ ᠲᠥᠯᠥᠭᠡᠯᠡᠭᠴᠢ ᠠᠴᠠ ᠢᠷᠡᠭᠰᠡᠨ ᠪᠠᠶᠢᠨ᠎ᠠ᠃ ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠠᠵᠤ ᠠᠬᠤᠶᠢᠯᠠᠯ ᠤᠨ ᠲᠥᠯᠥᠭᠡᠯᠡᠭᠴᠢ ᠢᠳᠡᠪᠬᠢᠲᠡᠶ ᠪᠠᠷ ᠠᠰᠠᠭᠤᠯᠲᠠ ᠠᠰᠠᠭᠤᠵᠤ᠂ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠠᠪᠤᠴᠠ ᠳᠠᠬᠢ ᠪᠣᠳᠠᠲᠠᠶ ᠠᠰᠠᠭᠤᠳᠠᠯ ᠤᠨ ᠲᠤᠬᠠᠶ ᠲᠤᠰᠬᠠᠶ ᠮᠡᠷᠭᠡᠵᠢᠯᠲᠡᠨ ᠲᠠᠢ ᠭᠦᠨᠵᠡᠭᠡᠶ ᠰᠣᠯᠢᠯᠴᠠᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠬᠠᠮᠠᠭᠠᠯᠠᠯᠲᠠ ᠶᠢᠨ ᠲᠠᠰᠤᠭ ᠤᠨ ᠠᠵᠢᠯᠲᠠᠨ ᠲᠤᠬᠠᠶ ᠶᠢᠨ ᠲᠠᠯᠠᠪᠠᠶ ᠳᠤ ︽ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠳᠠᠨᠵᠢᠯᠠᠭ᠎ᠠ ᠲᠠᠢ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠴᠠᠭᠠᠯᠲᠠ ᠶᠢᠨ ᠬᠦᠰᠦᠨᠦᠭᠲᠦ︾ ᠵᠡᠷᠭᠡ ᠮᠠᠲ᠋ᠧᠷᠢᠶᠠᠯ ᠢ 300 ᠭᠠᠷᠤᠶ ᠬᠤᠪᠢ ᠲᠠᠷᠬᠠᠭᠠᠪᠠ᠃      ᠬᠤᠷᠠᠯ ᠤᠨ ᠳᠠᠷᠠᠭ᠎ᠠ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠠᠬᠤᠶᠢᠯᠠᠯ ᠢ ᠲᠤᠰᠠᠯᠠᠬᠤ ᠶᠠᠷᠢᠯᠴᠠᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠬᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ᠂ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠬᠦ ᠭᠤᠷᠪᠠᠨ ᠲᠠᠯ᠎ᠠ ᠪᠠᠷ ᠮᠠᠨ ᠤ ᠲᠣᠪᠴᠢᠶ᠎ᠠ ᠶᠢᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠥᠭᠵᠢᠯᠲᠡ ᠬᠠᠮᠠᠭᠠᠯᠠᠯᠲᠠ ᠶᠢᠨ ᠠᠵᠢᠯ ᠢ ᠲᠠᠨᠢᠯᠴᠠᠭᠤᠯᠵᠤ᠂ ᠶᠠᠷᠢᠯᠴᠠᠬᠤ ᠬᠤᠷᠠᠯ ᠳᠡᠭᠡᠷ᠎ᠡ᠂ ᠠᠵᠤ ᠠᠬᠤᠶᠢᠯᠠᠯ ᠤᠨ ᠲᠥᠯᠥᠭᠡᠯᠡᠭᠴᠢ ᠢᠳᠡᠪᠬᠢᠲᠡᠶ ᠪᠠᠷ ᠶᠠᠷᠢᠶ᠎ᠠ ᠲᠠᠯᠪᠢᠵᠤ᠂ ᠲᠣᠰ ᠪᠡᠶ᠎ᠡ ᠶᠢᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠭᠤᠶᠤᠴᠢᠯᠠᠯ᠂ ᠬᠠᠮᠠᠭᠠᠯᠠᠯᠲᠠ ᠵᠢᠴᠢ ᠬᠡᠷᠡᠭᠯᠡᠯᠲᠡ ᠶᠢᠨ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠳᠤᠷᠠᠳᠴᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠠᠵᠤ ᠠᠬᠤᠶᠢᠯᠠᠯ ᠳᠤ ᠬᠠᠨᠳᠤᠯᠭᠠᠲᠤ ᠴᠢᠨᠠᠷᠲᠠᠶ ᠰᠠᠨᠠᠭᠤᠯᠭ᠎ᠠ ᠳᠤᠷᠠᠳᠤᠭᠰᠠᠨ ᠪᠥᠭᠡᠳ ᠲᠠᠷᠠᠭᠠᠴᠢ ᠶᠢᠨ ᠠᠯᠬᠤᠮ ᠳᠤ ᠵᠠᠰᠠᠭ ᠠᠵᠤ ᠠᠬᠤᠶᠢᠯᠠᠯ ᠬᠤᠯᠪᠣᠭᠠᠯᠠᠨ ᠬᠥᠳᠡᠯᠦᠯᠴᠡᠬᠦ ᠶᠢ ᠬᠡᠷᠬᠢᠨ ᠴᠢᠩᠭᠠᠳᠬᠠᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠪᠠ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠨ ᠢᠯᠡᠷᠬᠡᠶᠢᠯᠡᠬᠦ ᠳᠡᠭᠡᠨ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠨᠢᠭᠡ ᠥᠷᠲᠡᠭᠡ ᠮᠠᠶ᠋ᠢᠭ ᠤᠨ ᠦᠢᠯᠡᠴᠢᠯᠡᠭᠡ ᠶᠢ ᠦᠷᠭᠦᠯᠵᠢᠯᠡᠨ ᠠᠬᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠬᠤ᠂ ᠲᠤᠰᠬᠠᠶ ᠰᠡᠳᠦᠪᠲᠦ ᠪᠣᠯᠪᠠᠰᠤᠷᠠᠭᠤᠯᠤᠯ ᠬᠢᠬᠦ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠎ᠠ ᠭᠡᠵᠡᠶ᠃      ᠲᠣᠰ ᠤᠳᠠᠭᠠᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠠᠵᠤ ᠠᠬᠤᠶᠢᠯᠠᠯ ᠢ ᠳᠡᠮᠵᠢᠬᠦ ᠠᠵᠢᠯᠯᠠᠭ᠎ᠠ ᠨᠢ ᠵᠢᠱᠢᠭᠰᠡᠨ ᠦᠷ᠎ᠡ ᠪᠦᠲᠦᠮᠵᠢ ᠣᠯᠵᠤ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠲᠥᠯᠥᠭᠡᠯᠡᠭᠴᠢᠳ ᠪᠣᠯᠪᠠᠰᠤᠷᠠᠭᠤᠯᠤᠯ ᠤᠨ ᠠᠭᠤᠯᠭ᠎ᠠ ᠶᠢᠨ ᠬᠡᠷᠡᠭᠯᠡᠭᠡᠨ ᠤ ᠴᠢᠨᠠᠷ ᠢᠶᠠᠷ ᠴᠢᠩᠭ᠎ᠠ ᠪᠠᠶᠢᠵᠤ᠂ ᠶᠠᠷᠢᠯᠴᠠᠬᠤ ᠬᠤᠷᠠᠯ ᠤᠨ ᠠᠭᠤᠯᠭ᠎ᠠ ᠨᠢ ᠪᠣᠳᠠᠲᠠᠢ ᠲᠠᠢ ᠨᠡᠶᠢᠴᠡᠬᠦ ᠮᠥᠷᠲᠡᠭᠡᠨ ᠭᠦᠨᠴᠡ ᠲᠠᠢ ᠪᠠᠶᠢᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠪᠠᠷᠢᠮᠵᠢᠶ᠎ᠠ ᠶᠢ ᠲᠤᠤᠱᠯᠠᠭᠤᠯᠬᠤ ᠠᠵᠢᠯ ᠢ ᠥᠷᠨᠢᠭᠦᠯᠬᠦ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃ ᠲᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠰ ᠤᠳᠠᠭᠠᠨ ᠤ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠦᠶᠯᠡᠴᠢᠯᠡᠭᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠳᠤ ᠬᠦᠴᠦᠲᠡᠶ ᠲᠤᠯᠭᠠᠭᠤᠷᠢᠯᠠᠯ ᠬᠠᠩᠭᠠᠵᠤ᠂ ᠵᠢᠨᠢᠩ ᠲᠣᠭᠤᠷᠢᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠨ᠎ᠡ᠃       ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠣᠷᠢᠭ ᠤᠨ ᠠᠷᠠᠳ  ᠤᠨ ᠵᠠᠰᠠᠭ  ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2