ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠠᠬᠢᠭᠤᠯᠵᠤ᠂ | ᠬᠥᠳᠡᠭᠡ ᠲᠣᠰᠬᠤᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠠᠷᠢᠭᠤᠨ ᠴᠡᠪᠡᠷ᠂ | ᠠᠵᠢᠯᠯᠠᠬᠤ ᠳᠤ ᠲᠣᠬᠢᠷᠠᠮᠵᠢᠲᠠᠢ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠠᠮᠢ ᠠᠬᠤᠢ ᠶᠢᠨ ᠳᠦᠷᠰᠦ | ᠪᠠᠶᠢᠳᠠᠯ ᠢ ᠪᠤᠢ ᠪᠣᠯᠭᠠᠬᠤ ᠶᠢᠨ ᠲᠥᠯᠥᠭᠡ᠂ ᠪᠠᠢ ᠬᠠᠢ ᠽᠢ ᠪᠠᠯᠭᠠᠰᠤᠨ ᠤ ᠡᠯ᠎ᠡ ᠲᠣᠰᠬᠤᠨ ︵ᠨᠡᠶᠢᠭᠡᠮ ᠲᠣᠭᠤᠷᠢᠭ︶ | ᠠᠮᠢ ᠠᠬᠤᠢ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠢᠳᠡᠪᠬᠢᠲᠡᠢ ᠥᠷᠨᠢᠭᠦᠯᠵᠦ᠂ ᠲᠠᠷᠢᠶᠠᠨ | ᠭᠠᠵᠠᠷ ᠤᠨ ᠦᠯᠡᠳᠡᠭᠳᠡᠯ ᠰᠦᠯᠢᠶᠣᠣ ᠪᠦᠷᠬᠦᠪᠴᠢ ᠶᠢ ᠴᠡᠪᠡᠷᠯᠡᠬᠦ᠂ ᠬᠠᠷᠢᠶ᠎ᠠ ᠣᠷᠣᠨ ᠤ ᠪᠠᠷᠢᠯᠭ᠎ᠠ ᠶᠢᠨ ᠬᠤᠭ | ᠨᠣᠪᠰᠢ ᠶᠢ ᠴᠡᠭᠴᠡᠯᠡᠨ ᠵᠠᠰᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠵᠢᠭᠰᠠᠭᠠᠨ ᠪᠠᠶᠢᠴᠠᠭᠠᠯᠲᠠ ᠥᠷᠨᠢᠭᠦᠯᠬᠦ | ᠭᠤᠷᠪᠠᠨ ᠲᠠᠯ᠎ᠠ ᠶᠢᠨ ᠲᠣᠭᠤᠷᠢᠨ ᠳᠤ ᠤᠨᠢᠨ ᠳᠡᠭᠡᠷ᠎ᠡ ᠨᠢ ᠬᠦᠴᠦᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠢ | ᠴᠡᠭᠴᠡᠯᠡᠨ ᠵᠠᠰᠠᠬᠤ ︽ᠭᠤᠷᠪᠠᠨ ᠥᠩᠭᠡ ᠶᠢᠨ ᠵᠢᠷᠤᠭ︾ ᠢ ᠵᠢᠷᠤᠭᠯᠠᠪᠠ᠃ | ᠨᠢᠭᠡ᠂ ᠲᠠᠷᠢᠶᠠᠨ ᠭᠠᠵᠠᠷ ᠤᠨ ᠦᠯᠡᠳᠡᠭᠳᠡᠯ ᠰᠦᠯᠢᠶᠣᠣ ᠪᠦᠷᠬᠦᠪᠴᠢ ᠶᠢ ᠴᠡᠪᠡᠷᠯᠡᠵᠦ᠂ ᠲᠠᠷᠢᠶᠠᠨ ᠭᠠᠵᠠᠷ ᠤᠨ | ︽ᠡᠷᠡᠭᠦᠯ ᠮᠡᠨᠳᠦ︾ ᠶᠢ ᠰᠠᠬᠢᠨ ᠬᠠᠮᠠᠭᠠᠯᠠᠨ᠎ᠠ | ᠡᠯ᠎ᠡ ᠲᠣᠰᠬᠤᠨ ︵ᠨᠡᠶᠢᠭᠡᠮ ᠲᠣᠭᠤᠷᠢᠭ︶ ᠨᠠᠮ ᠤᠨ ᠭᠡᠰᠢᠭᠦᠨ ᠺᠠᠳ᠋ᠷ᠂ ᠰᠠᠶᠢᠨ ᠳᠤᠷ᠎ᠠ ᠶᠢᠨ ᠠᠵᠢᠯᠯᠠᠭᠴᠢ | ᠵᠢᠴᠢ ᠬᠠᠯᠠᠭᠤᠨ ᠰᠡᠳᠬᠢᠯᠲᠦ ᠲᠣᠰᠬᠤᠨ ︵ᠰᠠᠭᠤᠭᠠᠯᠢ ᠠᠷᠠᠳ︶ ᠤ ᠠᠷᠠᠳ ᠢ ᠵᠣᠬᠢᠶᠠᠨ ᠪᠠᠶᠢᠭᠤᠯᠵᠤ᠂ ᠲᠠᠷᠢᠶᠠᠨ | ᠭᠠᠵᠠᠷ ᠲᠤ ᠭᠦᠨᠵᠡᠭᠡᠶᠢᠷᠡᠨ᠂ ᠦᠯᠡᠳᠡᠭᠳᠡᠯ ᠰᠦᠯᠢᠶᠣᠣ ᠪᠦᠷᠬᠦᠪᠴᠢ ᠶᠢ ᠲᠤᠰᠬᠠᠶ ᠢᠯᠭᠠᠷᠠᠭᠤᠯᠬᠤ ᠠᠵᠢᠯᠯᠠᠭ᠎ᠠ | ᠥᠷᠨᠢᠭᠦᠯᠪᠡ᠃ ᠠᠵᠢᠯᠲᠠᠳ ᠭᠠᠷ ᠲᠠᠭᠠᠨ ᠪᠠᠭᠠᠵᠢ ᠠᠪᠴᠤ᠂ ᠡᠷᠳᠡᠨᠢ ᠰᠢᠰᠢ᠂ ᠲᠥᠮᠥᠰᠥ ᠵᠡᠷᠭᠡ ᠲᠠᠷᠢᠮᠠᠯ ᠲᠠᠷᠢᠬᠤ | ᠣᠷᠣᠨ ᠪᠦᠰᠡ ᠳᠤ ︽ᠬᠡᠪᠢᠰ ᠮᠠᠶ᠋ᠢᠭ︾ ᠤᠨ ᠪᠠᠶᠢᠴᠠᠭᠠᠯᠲᠠ ᠬᠢᠪᠡ᠃ ᠡᠭᠦᠨ ᠤ ᠬᠠᠮᠲᠤ᠂ ᠲᠠᠷᠢᠶᠠᠴᠢᠨ ᠡᠷᠦᠬᠡ ᠳᠤ | ᠦᠯᠡᠳᠡᠭᠳᠡᠯ ᠰᠦᠯᠢᠶᠣᠣ ᠪᠦᠷᠬᠦᠪᠴᠢ ᠶᠢᠨ ᠬᠥᠷᠥᠰᠥ ᠰᠢᠷᠣᠶ ᠶᠢᠨ ᠪᠦᠲᠦᠴᠡ᠂ ᠲᠠᠷᠢᠮᠠᠯ ᠤᠨ ᠤᠷᠭᠤᠯᠲᠠ ᠶᠢᠨ | ᠬᠤᠤᠷ ᠬᠥᠨᠥᠭᠡᠯ ᠢ ᠲᠦᠭᠡᠮᠡᠯᠵᠢᠭᠦᠯᠵᠦ᠂ ᠣᠯᠠᠨ ᠢ ᠬᠥᠲᠥᠯᠦᠨ ᠵᠢᠯᠣᠭᠤᠳᠴᠤ ᠪᠠᠶᠢᠭᠠᠳ ᠢᠯᠭᠠᠷᠠᠭᠤᠯᠬᠤ ᠠᠵᠢᠯ ᠳᠤ | ᠰᠠᠨᠠᠭᠠᠴᠢᠯᠠᠭ᠎ᠠ ᠠᠴᠠ ᠪᠠᠨ ᠣᠷᠣᠯᠴᠠᠭᠤᠯᠤᠨ᠎ᠠ᠃ ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 80 ᠭᠠᠷᠤᠶ ᠲᠣᠨ | ᠦᠯᠡᠳᠡᠭᠳᠡᠯ ᠰᠦᠯᠢᠶᠣᠣ ᠪᠦᠷᠬᠦᠪᠴᠢ ᠶᠢ ᠴᠡᠪᠡᠷᠯᠡᠵᠦ᠂ ᠴᠠᠭᠠᠨ ᠤ ᠪᠣᠬᠢᠷᠲᠤᠯ ᠢ ᠪᠦᠲᠦᠮᠵᠢᠲᠡᠶ ᠪᠠᠭᠠᠰᠬᠠᠨ᠂ | ᠬᠥᠷᠥᠰᠥ ᠰᠢᠷᠣᠶ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠲᠠᠷᠢᠮᠠᠯ ᠤᠨ ᠤᠷᠭᠤᠴᠠ ᠳᠤ | ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠭᠦᠨ᠎ᠡ᠃ | ᠬᠤᠶᠠᠷ᠂ ᠬᠠᠷᠢᠶᠠᠲᠤ ᠣᠷᠣᠨ ᠤ ᠪᠠᠷᠢᠯᠭ᠎ᠠ ᠶᠢᠨ ᠬᠤᠭ ᠨᠣᠪᠰᠢ ᠶᠢ ᠴᠡᠪᠡᠷᠯᠡᠵᠦ᠂ ᠲᠣᠰᠬᠤᠨ ᠤ ᠳᠦᠷᠰᠦ | ᠪᠠᠶᠢᠳᠠᠯ ᠢ ᠭᠤᠶᠣᠯᠠᠪᠠ | ᠬᠠᠷᠢᠶᠠᠲᠤ ᠣᠷᠣᠨ ᠤ ᠳᠣᠲᠣᠷᠠᠬᠢ ᠪᠠᠷᠢᠯᠭ᠎ᠠ ᠶᠢᠨ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠵᠤ | ᠲᠠᠯᠪᠢᠬᠤ ᠦᠵᠡᠭᠳᠡᠯ ᠳᠤ ᠴᠢᠭᠯᠡᠭᠦᠯᠦᠨ᠂ ᠡᠯ᠎ᠡ ᠲᠣᠰᠬᠤᠨ ︵ᠨᠡᠶᠢᠭᠡᠮ ᠲᠣᠭᠤᠷᠢᠭ︶ ᠳᠤ ᠲᠤᠰᠬᠠᠶ ᠴᠡᠭᠴᠡᠯᠡᠨ | ᠵᠠᠰᠠᠬᠤ ᠳᠤᠭᠤᠶᠢᠯᠠᠩ ᠪᠠᠶᠢᠭᠤᠯᠵᠤ᠂ ᠲᠣᠰᠬᠤᠨ ᠤ ᠵᠠᠮ᠂ ᠭᠡᠷ ᠤᠨ ᠠᠷᠤ ᠥᠪᠥᠷ᠂ ᠰᠤᠯᠠ ᠲᠠᠯᠪᠢᠵᠤ ᠪᠠᠶᠢᠭ᠎ᠠ | ᠬᠤᠭᠤᠰᠣᠨ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠳᠤ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠯᠲᠠ | ᠬᠢᠵᠦ᠂ ᠮᠠᠰᠢᠨ ᠮᠧᠬᠠᠨᠢᠭ ᠪᠠ ᠬᠥᠮᠦᠨ ᠤ ᠬᠦᠴᠦᠨ ᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠪᠠᠷᠢᠯᠭ᠎ᠠ ᠶᠢᠨ ᠬᠤᠭ ᠨᠣᠪᠰᠢ ᠶᠢ ᠲᠥᠪᠯᠡᠷᠡᠭᠦᠯᠦᠨ ᠴᠡᠪᠡᠷᠯᠡᠨ ᠲᠡᠭᠡᠭᠡᠪᠦᠷᠢᠯᠡᠬᠦ ᠶᠢᠨ ᠬᠠᠮᠲᠤ ᠴᠡᠪᠡᠷᠯᠡᠭᠰᠡᠨ ᠤ | ᠳᠠᠷᠠᠭᠠᠬᠢ ᠲᠠᠯᠠᠪᠤᠷ ᠭᠠᠵᠠᠷ ᠢ ᠲᠡᠭᠰᠢᠯᠡᠨ ᠨᠣᠭᠤᠭᠠᠷᠠᠭᠤᠯᠤᠨ᠎ᠠ᠃ ᠡᠭᠦᠨ ᠠᠴᠠ ᠭᠠᠳᠠᠨ᠎ᠠ᠂ ᠡᠳᠦᠷ ᠲᠤᠲᠤᠮ ᠤᠨ | ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠪᠠᠨ ᠴᠢᠩᠭᠠᠳᠬᠠᠵᠤ᠂ ᠪᠠᠷᠢᠯᠭ᠎ᠠ ᠶᠢᠨ ᠬᠤᠭ ᠨᠣᠪᠰᠢ ᠶᠢ | ᠳᠤᠷ᠎ᠠ ᠪᠠᠷ ᠢᠶᠠᠨ ᠴᠢᠳᠬᠤᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠡᠶᠢᠮᠦᠷᠬᠦ ᠦᠵᠡᠭᠳᠡᠯ | ᠭᠠᠷᠬᠤ ᠶᠢ ᠡᠬᠢ ᠡᠭᠦᠰᠦᠯ ᠠᠴᠠ ᠨᠢ ᠬᠤᠷᠢᠭᠯᠠᠪᠠ᠃ ᠲᠣᠰ ᠤᠳᠠᠭ᠎ᠠ ᠪᠠᠷᠢᠯᠭ᠎ᠠ ᠶᠢᠨ ᠬᠤᠭ ᠨᠣᠪᠰᠢ ᠶᠢ ᠨᠡᠶᠢᠲᠡ | 20 ᠭᠠᠷᠤᠶ ᠲᠡᠷᠭᠡ ᠴᠡᠪᠡᠷᠯᠡᠵᠦ᠂ ᠬᠤᠭ ᠨᠣᠪᠰᠢ ᠶᠢ ᠨᠡᠶᠢᠲᠡ 290 ᠭᠠᠷᠤᠶ ᠲᠣᠨ ᠴᠡᠪᠡᠷᠯᠡᠨ ᠲᠡᠭᠡᠭᠡᠪᠦᠷᠢᠯᠡᠵᠦ᠂ | ᠠᠶᠢᠯ ᠲᠣᠰᠬᠤᠨ ᠤ ᠣᠷᠴᠢᠨ ᠲᠣᠭᠤᠷᠢᠨ ᠴᠤ᠋ ᠰᠢᠨ᠎ᠡ ᠪᠣᠯᠵᠣ᠂ ᠠᠮᠢ ᠠᠬᠤᠶ ᠶᠢᠨ ᠣᠷᠴᠢᠨ ᠲᠣᠭᠤᠷᠢᠨ ᠢᠯᠡᠳᠲᠡ | ᠳᠡᠭᠡᠭᠰᠢᠯᠡᠪᠡ᠃ | ᠭᠤᠷᠪᠠ᠂ ᠪᠡᠯᠴᠢᠭᠡᠷᠯᠡᠭᠦᠯᠬᠦ ᠶᠢ ᠴᠠᠭᠠᠵᠠᠯᠠᠬᠤ ᠵᠢᠭᠰᠠᠭᠠᠨ ᠪᠠᠶᠢᠴᠠᠭᠠᠯᠲᠠ ᠶᠢ ᠥᠷᠨᠢᠭᠦᠯᠵᠦ᠂ ᠠᠮᠢ ᠠᠬᠤᠶ ᠶᠢᠨ | ᠬᠠᠮᠠᠭᠠᠯᠠᠯᠲᠠ ᠶᠢᠨ ᠬᠠᠯᠬᠠᠪᠴᠢ ᠶᠢ ᠪᠠᠲᠤ ᠴᠣᠭᠴᠠᠯᠠᠨ᠎ᠠ | ᠨᠤᠲᠤᠭ ᠪᠡᠯᠴᠢᠭᠡᠷ᠂ ᠣᠶᠢᠲᠤ ᠭᠠᠵᠠᠷ ᠵᠡᠷᠭᠡ ᠠᠮᠢ ᠠᠬᠤᠶ ᠶᠢᠨ ᠡᠬᠢ ᠪᠠᠶᠠᠯᠢᠭ ᠢ ᠦᠨᠡᠨᠬᠦ ᠬᠠᠮᠠᠭᠠᠯᠠᠬᠤ ᠶᠢᠨ | ᠲᠤᠰᠠᠳᠠ᠂ ᠡᠯ᠎ᠡ ᠲᠣᠰᠬᠤᠨ ᠨᠡᠶᠢᠭᠡᠮ ᠲᠣᠭᠤᠷᠢᠭ ᠤᠨ ᠬᠢᠨ ᠰᠦᠯᠵᠢᠶᠡᠨ ᠤ ᠠᠵᠢᠯᠲᠠᠨ᠂ ᠣᠶ ᠰᠢᠭᠤᠶ | ᠬᠠᠮᠠᠭᠠᠯᠠᠭᠴᠢ ᠶᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠪᠠᠨ ᠳᠣᠲᠣᠷᠠᠬᠢ ᠪᠡᠯᠴᠢᠭᠡᠷᠯᠡᠭᠦᠯᠬᠦ ᠶᠢ ᠴᠠᠭᠠᠵᠠᠯᠠᠬᠤ | ᠣᠷᠣᠨ ᠳᠤ ᠲᠣᠤᠷ ᠲᠠᠲᠠᠬᠤ ᠮᠠᠶ᠋ᠢᠭ ᠤᠨ ᠵᠢᠭᠰᠠᠭᠠᠨ ᠪᠠᠶᠢᠴᠠᠭᠠᠯᠲᠠ ᠬᠢᠪᠡ᠃ ᠡᠷᠦᠬᠡ ᠳᠤ ᠬᠦᠷᠴᠦ ᠤᠬᠠᠭᠤᠯᠬᠤ᠂ | ᠤᠷᠢᠶ᠎ᠠ ᠯᠣᠽᠦ᠋ᠩ ᠨᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠡᠵᠢᠭᠡᠨ ᠦᠷᠡᠵᠢᠭᠦᠯᠬᠦ ᠡᠷᠦᠬᠡ ᠳᠤ | ᠪᠡᠯᠴᠢᠭᠡᠷᠯᠡᠭᠦᠯᠬᠦ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠵᠢᠴᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ | ᠲᠣᠭᠲᠠᠭᠠᠯ ᠢ ᠤᠬᠠᠭᠤᠯᠵᠤ᠂ ᠣᠯᠠᠨ ᠲᠦᠮᠡᠨ ᠤ ᠠᠮᠢ ᠠᠬᠤᠶ ᠶᠢ ᠬᠠᠮᠠᠭᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠪᠡ᠃ | ᠵᠢᠭᠰᠠᠭᠠᠨ ᠪᠠᠶᠢᠴᠠᠭᠠᠬᠤ ᠶᠠᠪᠤᠴᠠ ᠳᠤ᠂ ᠬᠤᠯᠠᠭᠠᠶᠢᠯᠠᠨ ᠮᠠᠯᠵᠢᠬᠤ᠂ ᠰᠤᠯᠠ ᠮᠠᠯᠵᠢᠬᠤ ᠦᠢᠯᠡ ᠠᠵᠢᠯᠯᠠᠭ᠎ᠠ ᠶᠢ ᠴᠠᠭ | ᠲᠤᠬᠠᠶ ᠳᠤᠨᠢ ᠬᠤᠷᠢᠭᠯᠠᠨ ᠵᠣᠭᠰᠣᠭᠠᠬᠤ ᠶᠢᠨ ᠬᠠᠮᠲᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠦᠨ | ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ᠃ ᠡᠭᠦᠨ ᠤ ᠬᠠᠮᠲᠤ᠂ ᠤᠷᠲᠤ ᠬᠤᠭᠤᠴᠠᠭᠠᠨ ᠤ | ᠪᠦᠲᠦᠮᠵᠢᠲᠡᠶ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠲᠣᠭᠤᠷᠢᠨ ᠪᠠᠶᠢᠴᠠᠭᠠᠬᠤ ᠤᠳᠠᠭ᠎ᠠ ᠪᠠᠨ | ᠨᠡᠮᠡᠭᠳᠡᠭᠦᠯᠵᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ᠃ ᠲᠣᠰ ᠤᠳᠠᠭᠠᠨ ᠤ ᠪᠡᠯᠴᠢᠭᠡᠷᠯᠡᠭᠦᠯᠬᠦ ᠶᠢ ᠴᠠᠭᠠᠵᠠᠯᠠᠵᠤ ᠵᠢᠭᠰᠠᠭᠠᠨ ᠪᠠᠶᠢᠴᠠᠭᠠᠬᠤ | ᠠᠵᠢᠯᠯᠠᠭ᠎ᠠ ᠳᠤ ᠨᠡᠶᠢᠲᠡ 600 ᠭᠠᠷᠤᠶ ᠬᠥᠮᠦᠨ ᠤᠳᠠᠭ᠎ᠠ ᠣᠷᠣᠯᠴᠠᠵᠤ᠂ ᠲᠣᠭᠲᠠᠭᠠᠯ ᠠᠴᠠ ᠵᠥᠷᠢᠴᠡᠨ | ᠪᠡᠯᠴᠢᠭᠡᠷᠯᠡᠭᠦᠯᠬᠦ 16 ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠵᠤ᠂ ᠠᠮᠢ ᠠᠬᠤᠶ ᠶᠢᠨ ᠣᠷᠴᠢᠨ ᠲᠣᠭᠤᠷᠢᠨ ᠢ | ᠪᠦᠲᠦᠮᠵᠢᠲᠡᠶ ᠬᠠᠮᠠᠭᠠᠯᠠᠪᠠ᠃ | ᠲᠠᠷᠠᠭᠠᠴᠢ ᠶᠢᠨ ᠠᠯᠬᠤᠮ ᠳᠤ᠂ ᠮᠠᠨ ᠤ ᠪᠠᠯᠭᠠᠰᠤ ᠠᠮᠢ ᠠᠬᠤᠶ ᠶᠢᠨ ᠣᠷᠴᠢᠨ ᠲᠣᠭᠤᠷᠢᠨ ᠢ ᠴᠡᠭᠴᠡᠯᠡᠨ | ᠵᠠᠰᠠᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠵᠦ᠂ ᠣᠷᠳᠣ ᠬᠤᠭᠤᠴᠠᠭᠠᠨ ᠤ ᠪᠦᠲᠦᠮᠵᠢᠲᠡᠶ | ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠤᠬᠠᠭᠤᠯᠵᠤ ᠬᠥᠲᠥᠯᠦᠨ ᠵᠢᠯᠣᠭᠤᠳᠬᠤ | ᠡᠷᠴᠢᠮ ᠢᠶᠠᠨ ᠴᠢᠩᠭᠠᠷᠠᠭᠤᠯᠤᠨ᠂ ᠣᠯᠠᠨ ᠲᠦᠮᠡᠨ ᠤ ᠠᠮᠢ ᠠᠬᠤᠶ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ | ᠣᠷᠣᠯᠴᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠠᠶᠢᠴᠢᠯᠠᠵᠤ᠂ ᠠᠮᠢ ᠠᠬᠤᠶ ᠣᠷᠴᠢᠨ ᠲᠣᠭᠤᠷᠢᠨ ᠢ | ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠬᠤ᠂ ᠳᠦᠷᠢᠮᠵᠢᠭᠦᠯᠬᠦ ᠶᠢ ᠠᠬᠢᠭᠤᠯᠵᠤ᠂ ᠠᠮᠢ ᠠᠬᠤᠶ ᠶᠢᠨ ᠣᠷᠣᠰᠢᠨ | ᠰᠠᠭᠤᠬᠤ ᠳᠤ ᠲᠣᠬᠢᠷᠠᠮᠵᠢᠲᠠᠶ ᠬᠥᠳᠡᠭᠡ ᠲᠣᠰᠬᠤᠨ ᠢ ᠪᠥᠲᠥᠭᠡᠨ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ | ᠥᠭᠭᠦᠨ᠎ᠡ᠃ | | | ᠣᠷᠴᠢᠭᠤᠯᠤᠭᠴᠢ᠄ ᠳ᠋ᠥᠩ ᠾᠦᠢ | | |